ᠥᠪᠥᠷ ᠮᠣᠩᠭᠤᠯ ᠤᠨ ᠲᠦᠷᠪᠡᠨ ᠬᠤᠪᠢ ᠣᠷᠴᠢᠮ ᠤᠨ ᠣᠷᠣᠨ ᠨᠣᠲᠤᠭ ᠭᠠᠩᠲᠠᠵᠤ  ᠬᠡᠰᠡᠭ ᠭᠠᠵᠠᠷ ᠲᠤ ᠬᠦᠨᠳᠦᠷᠡᠭᠡᠳ ᠭᠠᠩ ᠬᠠᠭᠰᠠᠷᠠᠭᠠᠨ ᠪᠣᠯᠵᠤ ᠪᠤᠢ
ᠨᠡᠶᠢᠲᠡᠯᠡᠭᠰᠡᠨ ᠴᠠᠭ᠄
2016/5/23
      ᠬᠠᠪᠤᠷ ᠣᠷᠣᠭᠰᠠᠨ ᠠᠴᠠ ᠠᠪᠤᠭᠠᠳ ᠢᠯᠠᠩᠭᠤᠶ᠎ᠠ 5 ᠳ᠋ᠤᠭᠠᠷ ᠰᠠᠷ᠎ᠠ ᠠᠴᠠ ᠨᠠᠰᠢ᠂ ᠥᠪᠥᠷ ᠮᠣᠩᠭᠤᠯ ᠤᠨ ᠬᠤᠷ᠎ᠠ ᠲᠣᠨᠣᠳᠠᠰᠤ ᠪᠠᠭᠠᠳᠠᠵᠤ᠂ ᠳᠤᠮᠳᠠ ᠪᠠᠷᠠᠭᠤᠨ ᠪᠡᠶ᠎ᠡ ᠶᠢᠨ ᠶᠡᠬᠡᠩᠬᠢ ᠬᠡᠰᠡᠭ ᠲᠤ ᠬᠤᠷ᠎ᠠ ᠲᠤᠨᠳᠠᠰᠤ  ᠦᠭᠡᠢ ᠪᠠᠶᠢᠵᠤ᠂ ᠪᠦᠬᠦ ᠣᠷᠣᠨ ᠤ ᠴᠠᠭ ᠠᠭᠤᠷ ᠤᠨ ᠭᠠᠩ ᠬᠠᠭᠰᠠᠷᠠᠭᠠᠨ ᠦᠳᠲᠡᠷ ᠲᠦᠷᠭᠡᠨ  ᠬᠦᠨᠳᠦᠷᠡᠪᠡ᠃ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠪᠦᠷᠢᠳᠬᠡᠭᠰᠡᠨ ᠢᠶᠠᠷ᠂ ᠣᠳᠣᠬᠠᠨ ᠳᠤ ᠥᠪᠥᠷ ᠮᠣᠩᠭᠤᠯ ᠤᠨ ᠲᠦᠷᠪᠡᠨ ᠬᠤᠪᠢ ᠣᠷᠴᠢᠮ ᠤᠨ ᠣᠷᠣᠨ ᠨᠣᠲᠤᠭ ᠭᠠᠩᠲᠠᠵᠤ᠂ ᠬᠡᠰᠡᠭ ᠭᠠᠵᠠᠷ ᠲᠤ ᠤᠯᠠᠮ ᠬᠦᠨᠳᠦᠷᠡᠭᠰᠡᠨ ᠪᠤᠶᠤ ᠭᠠᠮᠰᠢᠭ ᠪᠣᠯᠵᠤ᠂ ᠮᠢᠩᠭᠠᠨ ᠲᠦᠮᠡ ᠭᠠᠷᠤᠢ ᠲᠥᠭᠦᠷᠢᠭ ᠤᠨ ᠬᠤᠬᠢᠷᠠᠯ ᠤᠴᠠᠷᠠᠭᠤᠯᠵᠠᠢ᠃ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠪᠠᠷ᠂ ᠠᠭᠠᠷ ᠤᠨ ᠳᠤᠯᠠᠭᠠᠨ ᠲᠠᠰᠤᠷᠠᠯᠲᠠ ᠦᠭᠡᠶ ᠦᠨᠳᠦᠷᠵᠢᠬᠦ ᠶᠢ ᠳᠠᠭᠠᠯᠳᠤᠨ᠂ ᠢᠷᠡᠬᠦ‍ ᠨᠢᠭᠡ ᠭᠠᠷᠠᠭ ᠲᠤ ᠥᠪᠥᠷ ᠮᠣᠩᠭᠤᠯ ᠤᠨ ᠳᠤᠮᠳᠠ ᠪᠠᠷᠠᠭᠤᠨ  ᠪᠡᠶ᠎ᠡ ᠶᠢᠨ ᠭᠠᠩ ᠤᠨ ᠪᠠᠶᠢᠳᠠᠯ ᠦᠷᠭᠦᠯᠵᠢᠯᠡᠬᠦ ᠪᠤᠶᠤ ᠬᠦᠨᠳᠦᠷᠡᠬᠦ ᠪᠣᠯᠣᠨ᠎ᠠ᠃      ᠴᠠᠭ ᠠᠭᠤᠷ ᠤᠨ ᠰᠠᠯᠠᠭ᠎ᠠ ᠮᠥᠴᠢᠷ ᠤᠨ ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠳᠣᠬᠠᠨ ᠳᠤ ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ ᠶᠢᠨ ᠶᠡᠬᠡᠩᠬᠢ ᠬᠡᠰᠡᠭ ᠵᠢᠴᠢ ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠲᠦᠩᠯᠢᠶᠣᠤ ᠬᠤᠲᠠ ᠶᠢᠨ ᠬᠤᠶᠢᠲᠤ ᠪᠡᠶ᠎ᠡ᠂ ᠬᠢᠩᠭᠠᠨ ᠠᠶᠢᠮᠠᠭ ᠤᠨ ᠡᠮᠦᠨᠡᠲᠦ ᠪᠡᠶ᠎ᠡ ᠵᠡᠷᠭᠡ ᠭᠠᠵᠠᠷ ᠣᠷᠣᠨ ᠎ ᠤ ᠭᠠᠩ ᠤᠨ ᠬᠡᠮᠵᠢᠶ᠎ᠡ ᠬᠦᠩᠭᠡᠭᠡᠨ ᠰᠢᠭ ᠪᠠᠶᠢᠨ᠎ᠠ᠃ ᠪᠠᠶᠠᠨᠨᠠᠭᠤᠷ ᠬᠤᠲᠠ ᠶᠢᠨ ᠵᠡᠭᠦᠨ ᠡᠮᠦᠨ᠎ᠡ ᠪᠡᠶ᠎ᠡ᠂ ᠣᠷᠳᠣᠰ ᠬᠤᠲᠠ ᠶᠢᠨ ᠳᠤᠮᠳᠠ ᠬᠤᠶᠢᠲᠤ ᠪᠡᠶ᠎ᠡ᠂ ᠪᠤᠭᠤᠲᠤ ᠬᠤᠲᠠ ᠶᠢᠨ ᠶᠡᠬᠡᠩᠬᠢ ᠬᠡᠰᠡᠭ᠂ ᠬᠥᠬᠡᠬᠤᠲᠠ ᠶᠢᠨ ᠬᠤᠶᠢᠲᠤ ᠪᠡᠶ᠎ᠡ᠂ ᠤᠯᠠᠭᠠᠨᠴᠠᠪ ᠬᠤᠲᠠ ᠶᠢᠨ ᠳᠤᠮᠳᠠ  ᠪᠡᠶ᠎ᠡ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠪᠡᠶ᠎ᠡ᠂ ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠲᠦᠩᠯᠢᠶᠣᠤ ᠬᠤᠲᠠ ᠶᠢᠨ ᠬᠤᠶᠢᠲᠤ ᠪᠡᠶ᠎ᠡ ᠶᠢᠨ ᠭᠠᠩ ᠤᠨ ᠬᠡᠮᠵᠢᠶ᠎ᠡ ᠳᠤᠮᠳᠠ ᠠᠴᠠ ᠬᠦᠨᠳᠦ ᠪᠠᠶᠢᠳᠠᠯ ᠳᠤ ᠬᠦᠷᠴᠡᠢ᠃      ᠴᠠᠭ ᠠᠭᠤᠷ ᠤᠨ ᠭᠠᠩ ᠬᠠᠭᠰᠠᠷᠠᠭᠠᠨ ᠪᠣᠯᠵᠤ ᠬᠦᠨᠳᠦᠷᠡᠭᠰᠡᠨ ᠨᠢ ᠥᠪᠥᠷ ᠮᠣᠩᠭᠤᠯ ᠤᠨ ᠤᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠭᠠᠷᠬᠤ ᠳᠤ ᠪᠤᠰᠤᠳᠴᠢ ᠨᠥᠬᠦᠴᠡᠯ ᠪᠦᠷᠢᠯᠳᠦᠭᠦᠯᠵᠦ᠂ ᠭᠠᠯ ᠰᠡᠷᠭᠡᠶᠢᠯᠡᠬᠦ ᠪᠠᠶᠢᠳᠠᠯ ᠮᠠᠰᠢ ᠬᠦᠨᠳᠦ ᠨᠣᠴᠢᠲᠠᠢ ᠪᠠᠶᠢᠨ᠎ᠠ᠃ 18᠎ ᠤ ᠡᠳᠦᠷ᠂ 20᠎ ᠤ ᠡᠳᠦᠷ᠂ 21᠎ ᠤ ᠡᠳᠦᠷ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠣᠶᠢᠲᠤ ᠣᠷᠣᠨ ᠤ ᠶᠢᠨ ᠾᠧ ᠤᠢ ᠰᠢᠭᠤᠶ ᠶᠢᠨ ᠲᠣᠪᠴᠢᠶ᠎ᠠ ᠶᠢᠨ ᠶᠢᠨ ᠯᠢᠨ ᠤᠢ ᠰᠢᠭᠤᠶ ᠶᠢᠨ ᠲᠠᠯᠠᠪᠠᠢ᠂ ᠥᠪᠥᠷ ᠮᠤᠩᠬᠤᠯ ᠤᠨ ᠬᠥᠯᠥᠨ ᠪᠤᠶᠢᠷ ᠤᠨ ᠬᠤᠩᠭᠤᠯᠵᠢ ᠵᠢᠭᠠᠷᠲᠤ ᠨᠠᠷᠠᠰᠤᠨ ᠤᠢ ᠶᠢᠨ ᠣᠷᠣᠨ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠣᠶᠢᠲᠤ ᠣᠷᠣᠨ ᠤ ᠬᠤᠶᠢᠲᠤ ᠪᠡᠶ᠎ᠡ ᠲᠠᠶᠢᠭ᠎ᠠ ᠣᠢ ᠎ ᠶᠢᠨ ᠣᠷᠣᠨ ᠳᠤ ᠳᠠᠷᠠᠭᠠᠯᠠᠨ ᠤᠢ ᠰᠢᠭᠤᠶ ᠶᠢᠨ ᠲᠦᠢᠮᠡᠷ ᠭᠠᠷᠪᠠ᠃ ᠣᠳᠣᠬᠠᠨ ᠳᠤ᠂ ᠭᠤᠷᠪᠠ ᠤᠳᠠᠭᠠᠨ ᠤ ᠶᠡᠭᠡ ᠲᠦᠢᠮᠡᠷ ᠢ ᠴᠦᠮ ᠤᠨᠲᠠᠷᠠᠭᠠᠵᠤ᠂  ᠴᠠᠭᠳᠠᠭᠠᠴᠤᠳ ᠶᠠᠭ ᠴᠡᠪᠡᠷᠯᠡᠨ ᠮᠠᠨᠠᠵᠤ ᠪᠤᠢ᠃      ᠣᠳᠣᠬᠠᠨ ᠳᠤ᠂ ᠥᠪᠥᠷ ᠮᠣᠩᠭᠤᠯ ᠤᠨ ᠭᠠᠩ ᠬᠠᠭᠰᠠᠷᠠᠭᠠᠨ ᠨᠡᠯᠢᠶᠡᠳ ᠬᠦᠨᠳᠦ ᠨᠣᠴᠢᠲᠠᠶ ᠣᠷᠣᠨ  ᠪᠣᠯ ᠤᠯᠠᠭᠠᠨᠴᠠᠪ ᠬᠤᠲᠠ ᠶᠢᠨ ᠳᠥᠷᠪᠡᠳ ᠬᠤᠰᠢᠭᠤ ᠪᠣᠯᠣᠨ᠎ᠠ᠃ ᠬᠠᠪᠤᠷ ᠠᠴᠠ ᠨᠠᠰᠢ ᠲᠤᠬᠠᠶ ᠶᠢᠨ ᠭᠠᠵᠠᠷ ᠤᠨ ᠬᠤᠷ᠎ᠠ ᠲᠣᠨᠣᠳᠠᠰᠤ ᠦᠷᠭᠦᠯᠵᠢᠯᠡᠨ ᠪᠠᠭᠠᠰᠴᠤ᠂ ᠳᠤᠯᠠᠭᠠᠨ ᠤ ᠬᠡᠮᠵᠢᠶ᠎ᠡ ᠨᠢ  ᠨᠡᠯᠢᠶᠡᠳ ᠳᠣᠣᠷ᠎ᠠ᠂ ᠰᠠᠯᠬᠢᠨ ᠶᠡᠭᠡ᠂ ᠬᠥᠷᠥᠰᠥᠨ ᠤ ᠴᠢᠬᠢᠭ ᠤᠨ ᠠᠭᠤᠷᠰᠢᠯ ᠬᠦᠨᠳᠦᠷᠡᠭᠰᠡᠨ ᠪᠠᠶᠢᠨ᠎ᠠ᠃ 3 ᠳ᠋ᠤᠭᠠᠷ ᠰᠠᠷ᠎ᠠ ᠠᠴᠠ ᠤᠳᠤ ᠪᠣᠯᠲᠠᠯ᠎ᠠ᠂ ᠲᠤᠰ ᠣᠷᠣᠨ ᠤ ᠬᠤᠷ᠎ᠠ ᠲᠤᠨᠳᠠᠰᠤᠨ ᠬᠡᠮᠵᠢᠶ᠎ᠡ ᠵᠥᠪᠬᠡᠨ 4.5 ᠮᠢᠯᠢᠯᠢᠲᠷ ᠲᠤ ᠬᠦᠷᠴᠦ᠂ ᠪᠠᠷᠤᠭ ᠠᠰᠢᠭᠲᠤ ᠲᠤᠨᠳᠠᠰᠤ ᠦᠭᠡᠢ ᠶᠤᠮ᠃      ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠵᠢᠱᠢᠭᠰᠡᠨ ᠢᠶᠠᠷ᠂ ᠢᠷᠡᠬᠦ‍ ᠨᠢᠭᠡ ᠭᠠᠷᠠᠭ ᠲᠤ ᠬᠤᠷ᠎ᠠ ᠪᠤᠷᠤᠭᠠᠨ ᠪᠦᠬᠦ ᠣᠷᠣᠨ ᠤ ᠪᠠᠷᠠᠭᠤᠨ ᠠᠴᠠ ᠵᠡᠭᠦᠨᠰᠢ ᠠᠯᠠᠭᠯᠠᠨ ᠣᠷᠣᠵᠤ᠂ ᠠᠯᠠᠱᠠ ᠠᠶᠢᠮᠠᠭ ᠤᠨ ᠡᠮᠦᠨᠡᠲᠦ ᠪᠡᠶ᠎ᠡ᠂ ᠪᠠᠶᠠᠨᠨᠠᠭᠤᠷ ᠬᠤᠲᠠ ᠶᠢᠨ ᠶᠡᠬᠡᠩᠬᠢ ᠬᠡᠰᠡᠭ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠤᠶᠢᠲᠤ ᠪᠡᠶ᠎ᠡ ᠎ ᠶᠢᠨ ᠴᠠᠭ ᠠᠭᠤᠷ ᠤᠨ ᠭᠠᠩ ᠬᠠᠭᠰᠠᠷᠠᠭᠠᠨ ᠢ ᠵᠢᠭᠠᠬᠠᠨ ᠨᠠᠮᠳᠠᠭᠤᠯᠤᠨ᠎ᠠ᠂ ᠭᠡᠪᠡᠴᠦ ᠳᠤᠮᠳᠠ ᠪᠠᠷᠠᠭᠤᠨ ᠪᠡᠶ᠎ᠡ ᠶᠢᠨ ᠶᠡᠬᠡᠩᠬᠢ ᠬᠡᠰᠡᠭ ᠭᠠᠵᠠᠷ ᠣᠷᠣᠨ ᠤ ᠬᠤᠷ᠎ᠠ ᠪᠣᠷᠣᠭᠠᠨ ᠤ ᠬᠡᠮᠵᠢᠶ᠎ᠡ ᠬᠦᠷᠦᠯᠴᠡᠬᠦ ᠦᠭᠡᠢ ᠠᠴᠠ ᠪᠤᠯᠵᠤ᠂ ᠴᠠᠭ ᠠᠭᠤᠷ ᠤᠨ ᠭᠠᠩ ᠬᠠᠭᠰᠠᠷᠠᠭᠠᠨ ᠦᠷᠭᠦᠯᠵᠢᠯᠡᠬᠦ ᠪᠤᠶᠤ ᠭᠦᠨᠳᠦᠷᠡᠬᠦ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号