ᠥᠪᠥᠷ ᠮᠣᠩᠭᠤᠯ᠄ ᠮᠠᠯᠵᠢᠬᠤ ᠲᠠᠷᠢᠶᠠᠯᠠᠬᠤ ᠣᠷᠣᠨ ᠤ 107 ᠬᠡᠦᠬᠡᠳ ᠤᠨ ᠴᠡᠴᠡᠷᠯᠢᠭ ᠢ ᠵᠠᠯᠭᠠᠯᠳᠤᠭᠠᠪᠠᠷ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2016/5/23
 ᠣᠶᠢᠯᠠᠭᠠᠭᠰᠠᠨ ᠢᠶᠠᠷ᠂ ᠮᠠᠨ ᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠠᠬᠢᠭᠤᠯᠬᠤ ᠢᠨᠵᠧᠨᠧᠷᠢᠩ ᠲᠤ ᠮᠠᠯᠵᠢᠬᠤ ᠲᠠᠷᠢᠶᠠᠯᠠᠬᠤ ᠣᠷᠣᠨ ᠤ 107 ᠬᠡᠦᠬᠡᠳ ᠤᠨ ᠴᠡᠴᠡᠷᠯᠢᠭ ᠢ ᠪᠠᠶᠢᠭᠤᠯᠬᠤ ᠪᠠᠷ ᠲᠥᠯᠥᠪᠯᠡᠵᠦ᠂ ᠶᠡᠷᠦᠩᠬᠡᠶ ᠲᠠᠯᠠᠪᠠᠶ ᠨᠢ 20 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠬᠦᠷᠦᠨ᠎ᠡ᠃ ᠡᠳᠡᠭᠡᠷ ᠬᠡᠦᠬᠡᠳ ᠤᠨ ᠴᠡᠴᠡᠷᠯᠢᠭ ᠢ ᠵᠠᠯᠭᠠᠯᠳᠤᠭᠠᠪᠠᠷ ᠪᠠᠶᠢᠭᠤᠯᠵᠤ ᠡᠬᠢᠯᠡᠪᠡ᠃ ᠴᠤᠬᠤᠯᠪᠤᠷᠢᠯᠠᠭᠰᠠᠨ ᠬᠡᠪᠴᠢᠶ᠎ᠡ ᠶᠣᠰᠣᠭᠠᠷ ᠪᠦᠲᠦᠭᠡᠨ ᠪᠠᠶᠢᠭᠤᠯᠤᠠ ᠪᠡᠯᠡ ᠣᠷᠣᠭᠤᠯᠵᠤ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠭᠤᠣᠯ ᠴᠣᠭᠴᠠ ᠶᠢᠨ ᠪᠦᠳᠦᠭᠡᠨ ᠪᠠᠶᠢᠭᠤᠯᠤᠯᠲᠠ ᠶᠢ ᠣᠳᠣᠬᠠᠨ ᠳᠤ ᠳᠠᠭᠤᠰᠬᠠᠵᠤ᠂ ᠵᠢᠱᠢᠯᠲᠡ ᠪᠠᠷ ᠡᠨᠡ ᠵᠢᠯ ᠤᠨ 8 ᠳ᠋ᠤᠭᠠᠷ ᠰᠠᠷ᠎ᠠ ᠶᠢᠨ ᠡᠴᠦᠰ ᠢᠶᠠᠷ ᠠᠵᠢᠯ ᠳᠠᠭᠤᠰᠬᠠᠬᠤ ᠶᠢᠨ ᠬᠠᠮᠲᠤ ᠠᠰᠢᠭᠯᠠᠯᠲᠠ ᠎ ᠳᠤ ᠣᠷᠣᠭᠤᠯᠬᠤ ᠪᠣᠯᠣᠨ᠎ᠠ᠃ ᠲᠥᠯᠥᠪᠵᠢᠭᠦᠯᠭᠡ ᠶᠢᠨ ᠠᠬᠢᠴᠠ ᠶᠢ ᠦᠨᠳᠦᠰᠦᠯᠡᠪᠡᠯ᠂ ᠰᠢᠨ᠎ᠡ ᠪᠠᠷ ᠪᠠᠶᠢᠭᠤᠯᠬᠤ ᠬᠡᠦᠬᠡᠳ ᠤᠨ ᠴᠡᠴᠡᠷᠯᠢᠭ ᠤᠨ ᠳᠣᠲᠣᠷᠠᠬᠢ 1000 ᠲᠡᠭᠰᠢ ᠳᠥᠷᠪᠡᠯᠵᠢᠨ ᠮᠧᠲᠷ ᠠᠴᠠ ᠳᠣᠷᠣᠭᠰᠢᠬᠢ ᠲᠦᠷᠦᠯ ᠵᠦᠢᠯ ᠤᠨ ᠪᠦᠬᠦ ᠪᠠᠷᠢᠯᠭ᠎ᠠ ᠶᠢ ᠡᠨᠡ ᠵᠢᠯ ᠳᠠᠭᠤᠰᠬᠠᠵᠤ᠂ 1000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠦᠷᠦᠯ ᠵᠦᠢᠯ ᠢ 2017 ᠣᠨ ᠤ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠳᠠᠭᠤᠰᠬᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号