ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2016/5/23
      ︽ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠰᠠᠨᠠᠯ︾ ᠢ ᠨᠡᠶᠢᠲᠡᠯᠡᠭᠰᠡᠨ ᠨᠢ᠂ ᠪᠦᠬᠦ ᠨᠡᠶᠢᠭᠡᠮ ᠤᠨ ᠬᠢᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠢᠳᠡᠪᠬᠢᠵᠢᠯ ᠢ ᠨᠢ ᠳᠠᠶᠢᠴᠢᠯᠠᠬᠤ ᠳᠤ ᠠᠰᠢᠭᠲᠠᠢ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠳᠦᠷᠢᠮᠵᠢᠭᠦᠯᠬᠦ᠂ ᠵᠢᠷᠤᠮᠵᠢᠭᠤᠯᠬᠤ ᠶᠢ ᠠᠬᠢᠭᠤᠯᠬᠤ ᠳᠤ ᠠᠰᠢᠭᠲᠠᠢ᠂ ᠪᠡᠶᠡᠴᠢ ᠴᠣᠭᠴᠠ ᠶᠢᠨ ᠴᠢᠳᠠᠮᠵᠢᠳᠦ ᠣᠷᠣᠨ ᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠳᠤ ᠠᠰᠢᠭᠲᠠᠶ᠂ ᠬᠥᠭᠵᠢᠯᠲᠡ ᠪᠠᠷ ᠠᠨᠠᠶ ᠭᠠᠵᠠᠷ ᠣᠷᠣᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠬᠦᠷᠲᠡᠬᠦ ᠶᠢ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠪᠣᠬᠢᠷᠲᠤᠯ ᠥᠭᠡᠢ ᠬᠦᠭᠵᠢᠭᠦᠯᠬᠦ ᠶᠢ ᠲᠦᠯᠬᠢᠨ ᠠᠬᠢᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠥᠷᠭᠡᠳᠬᠡᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ  ᠃      ᠣᠷᠴᠢᠮᠬᠠᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠰᠠᠨᠠᠯ︾ ᠢ ᠨᠡᠶᠢᠲᠡᠯᠡᠪᠡ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠠᠵᠤ ᠠᠬᠤᠶ ᠶᠢᠨ ᠡᠳᠦᠷ ᠤᠨ ᠰᠣᠨᠢᠨ︾ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠵᠦ᠂ ᠡᠭᠦᠨ ᠤ ᠲᠤᠬᠠᠶ ᠲᠠᠶᠢᠯᠪᠤᠷᠢᠯᠠᠯᠲᠠ ᠬᠢᠵᠡᠶ᠃      ᠡᠨᠡᠬᠦ ᠬᠠᠷᠢᠭᠤᠴᠠᠯᠭᠠᠲᠠᠨ ᠬᠡᠯᠡᠭᠰᠡᠨ ᠨᠢ᠂ ᠮᠠᠨ ᠤ ᠤᠯᠤᠰ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠠᠯ᠎ᠠ ᠪᠠᠷ ᠬᠢ ᠠᠩᠬᠠᠳᠠᠭᠴᠢ ᠲᠤᠰᠬᠠᠶ ᠪᠢᠴᠢᠭ ᠮᠠᠲ᠋ᠧᠷᠢᠶᠠᠯ ᠪᠣᠯᠣᠭᠰᠠᠨ ᠤ ᠬᠤᠪᠢ ᠳᠤ᠂ ︽ᠰᠠᠨᠠᠯ︾ ᠪᠣᠯ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠡᠭᠡᠪᠦᠷ ᠳᠦᠷᠢᠮ ᠤᠨ ᠵᠢᠷᠤᠭ ᠲᠥᠯᠥᠪᠯᠡᠭᠡ ᠪᠣᠯᠬᠤ ᠶᠤᠮ᠂ ᠭᠤᠣᠯᠳᠠᠯᠭᠠᠲᠤ ᠬᠦᠷᠢᠶᠡᠨ ᠤ ᠨᠥᠬᠦᠪᠦᠷᠢ᠂ ᠴᠢᠬᠤᠯᠠ ᠣᠷᠣᠨ ᠪᠦᠰᠡ ᠶᠢᠨ ᠨᠥᠬᠦᠪᠥᠷᠢ  ᠪᠣᠯᠣᠨ ᠭᠠᠵᠠᠷ ᠣᠷᠣᠨ ᠤ ᠬᠤᠭᠤᠷᠣᠨᠳᠣᠬᠢ ᠲᠥᠯᠥᠪᠦᠷᠢ ᠶᠢᠨ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ ᠭᠡᠵᠡᠢ᠃      2020 ᠣᠨ ᠳᠤ ᠠᠮᠢ ᠠᠬᠤᠶ ᠶᠢᠨ ᠨᠦᠬᠦᠪᠦᠷᠢ ᠶᠢᠨ ᠲᠦᠷᠢᠮ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ      ᠤᠢᠢᠷ᠎ᠠ ᠶᠢᠨ ᠵᠢᠯ ᠤᠳ ᠲᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠥᠪ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠭᠤᠣᠯ ᠮᠦᠷᠡᠨ ᠵᠡᠷᠭᠡ ᠬᠦᠷᠢᠶ᠎ᠡ ᠬᠡᠪᠴᠢᠶ᠎ᠡ ᠵᠢᠴᠢ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠵᠡᠷᠭᠡ ᠣᠷᠣᠨ ᠪᠦᠰᠡ ᠶᠢᠨ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠶ ᠠᠬᠢᠯᠳᠠ ᠲᠠᠢ ᠪᠣᠯᠵᠠᠶ᠃      ᠵᠢᠭᠠᠵᠤ ᠭᠠᠷᠭᠠᠭᠤᠰᠢᠲᠠᠶ ᠨᠢ᠂ ᠮᠠᠨ ᠤ ᠤᠯᠤᠰ ᠤᠨ ᠡᠬᠢ ᠪᠠᠶᠠᠯᠢᠭ ᠤᠨ ᠬᠢᠵᠠᠭᠠᠷᠯᠠᠯ ᠴᠢᠩᠭᠠᠷᠠᠵᠤ᠂ ᠠᠮᠢ ᠠᠬᠤᠶ ᠶᠢᠨ ᠣᠷᠴᠢᠨ ᠲᠣᠭᠤᠷᠢᠨ ᠮᠠᠭᠤᠳᠠᠬᠤ ᠬᠠᠨᠳᠤᠰᠢ ᠶᠢ ᠡᠬᠢ ᠦᠨᠳᠦᠰᠦ ᠠᠴᠠ ᠨᠢ ᠬᠠᠷᠠᠬᠠᠨ ᠥᠭᠡᠷᠡᠴᠢᠯᠡᠭᠳᠡᠭᠡ ᠦᠬᠡᠢ᠂ ᠶᠡᠷᠦᠩᠬᠡᠶ ᠳᠤᠨᠢ ᠠᠪᠴᠤ ᠦᠵᠡᠪᠡᠯ ᠮᠥᠨ ᠯᠡ ᠵᠠᠷᠢᠮ ᠰᠢᠢᠳᠪᠦᠷᠢᠯᠡᠬᠦ ᠴᠢᠬᠤᠯᠠ ᠲᠠᠢ ᠠᠰᠠᠭᠤᠳᠠᠯ ᠣᠷᠣᠰᠢᠵᠤ ᠪᠠᠶᠢᠨ᠎ᠠ᠃ ︽ᠰᠠᠨᠠᠯ︾ ᠳᠤ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠢ ᠰᠠᠶᠢᠲᠤᠷ ᠬᠢᠬᠦ ᠶᠡᠷᠦᠩᠬᠡᠶ ᠱᠠᠭᠠᠷᠳᠠᠯᠭ᠎ᠠ ᠵᠢᠴᠢ 4 ᠵᠠᠷᠴᠢᠮ ᠢ ᠲᠣᠲᠤᠷᠬᠠᠶᠢᠯᠠᠪᠠ᠂ ᠲᠣᠬᠠᠶᠢᠯᠠᠪᠠᠯ ᠡᠷᠬᠡ ᠬᠠᠷᠢᠭᠤᠴᠠᠯᠭ᠎ᠠ ᠶᠢ ᠨᠢᠭᠡᠳᠬᠡᠬᠦ᠂ ᠵᠦᠢ ᠵᠣᠬᠢᠰᠲᠠᠶ ᠨᠥᠬᠦᠪᠦᠷᠢᠯᠡᠬᠦ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠤᠷᠢᠳᠠᠪᠠᠷ ᠲᠤᠷᠰᠢᠯᠲᠠ ᠬᠢᠬᠦ᠂ ᠯᠠᠪᠳᠠᠭᠤᠨ ᠢᠶᠠᠷ ᠬᠡᠷᠡᠭᠵᠢᠭᠦᠯᠬᠦ ᠶᠠᠪᠤᠳᠠᠯ ᠪᠣᠯᠣᠨ᠎ᠠ᠃ ᠲᠤᠰ ᠬᠠᠷᠢᠭᠤᠴᠠᠯᠭᠠᠲᠠᠨ ᠬᠡᠯᠡᠭᠰᠡᠨ ᠨᠢ᠄ ︽ᠡᠳᠡᠭᠡᠷ ᠵᠠᠷᠴᠢᠮ ᠨᠢ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠤᠨ ᠲᠤᠷᠰᠢᠯᠭ᠎ᠠ ᠶᠢᠨ ᠳ᠋ᠦᠩᠨᠡᠯᠲᠡ ᠪᠣᠯᠬᠤ ᠪᠠᠷ ᠪᠠᠷᠠᠬᠤ ᠦᠭᠡᠢ ᠪᠠᠰᠠ ᠴᠤ ᠠᠮᠢ ᠠᠬᠤᠶ ᠶᠢᠨ ᠨᠥᠬᠦᠪᠥᠷᠢ ᠥᠭᠬᠦ ᠠᠵᠢᠯ ᠢ ᠰᠠᠶᠢᠲᠤᠷ ᠬᠢᠬᠦ ᠭᠤᠣᠯ ᠪᠠᠲᠤᠯᠠᠭ᠎ᠠ ᠪᠣᠯᠣᠨ᠎ᠠ︾ ᠭᠡᠵᠡᠢ᠃      ︽ᠰᠠᠨᠠᠯ︾ ᠤᠨ ᠱᠠᠭᠠᠷᠳᠠᠯᠭ᠎ᠠ ᠪᠠᠷ᠂ 2020 ᠣᠨ ᠪᠣᠯᠬᠤ ᠳᠤ᠂ ᠤᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠭᠤᠪᠢ᠂ ᠲᠠᠯᠠᠢ ᠲᠠᠩᠭᠢᠰ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠨᠡᠭᠡᠭᠡᠨ ᠬᠥᠭᠵᠢᠭᠦᠯᠬᠦ ᠶᠢ ᠴᠠᠭᠠᠵᠠᠯᠠᠭᠰᠠᠨ ᠣᠷᠣᠨ ᠪᠦᠰᠡ᠂ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠵᠡᠷᠭᠡ ᠴᠢᠬᠤᠯᠠ ᠣᠷᠣᠨ ᠪᠦᠰᠡ ᠳᠤ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢ ᠨᠡᠶᠢᠳᠡᠮ ᠣᠯᠭᠤᠵᠤ᠂ ᠨᠥᠬᠦᠪᠦᠷᠢᠯᠡᠬᠦ ᠬᠢᠷᠢ ᠬᠡᠮᠵᠢᠶ᠎ᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠲᠠᠢ ᠵᠣᠬᠢᠴᠠᠭᠤᠯᠵᠤ᠂ ᠭᠠᠵᠠᠷ ᠣᠷᠣᠨ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠨᠥᠬᠦᠪᠥᠷᠢ ᠥᠭᠬᠦ ᠲᠤᠷᠰᠢᠯᠲᠠ ᠬᠢᠵᠦ ᠵᠢᠱᠢᠶ᠎ᠡ ᠦᠵᠡᠭᠦᠯᠬᠦ ᠲᠠᠯ᠎ᠠ ᠪᠠᠷ ᠢᠯᠡᠳᠲᠡ ᠠᠬᠢᠴᠠ ᠲᠠᠢ ᠪᠣᠯᠭᠠᠵᠤ᠂ ᠤᠯᠡᠨ ᠡᠰᠢᠵᠢᠭᠦᠯᠦᠭᠰᠡᠨ ᠨᠥᠬᠦᠪᠥᠷᠢ ᠥᠭᠬᠦ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ ᠮᠠᠨ ᠤ ᠤᠯᠤᠰ ᠤᠨ ᠤᠯᠤᠰ ᠤᠨ ᠪᠠᠶᠢᠳᠠᠯ ᠳᠤ ᠲᠣᠬᠢᠷᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠬᠡᠯᠪᠡᠷᠢ ᠶᠢᠨ ᠪᠦᠷᠢᠳᠦᠯ ᠢ ᠠᠬᠢᠭᠤᠯᠤᠨ᠎ᠠ᠃      ᠠᠮᠢ ᠠᠬᠤᠶ ᠶᠢᠨ ᠬᠠᠮᠠᠭᠠᠯᠠᠭᠴᠢ ᠪᠣᠯᠣᠨ ᠠᠰᠢᠭ ᠬᠦᠷᠲᠡᠭᠴᠢ ᠶᠢᠨ ᠰᠠᠶᠢᠨ ᠰᠠᠶᠢᠬᠠᠨ ᠨᠥᠬᠦᠴᠡᠯᠳᠦᠯ ᠢ ᠠᠬᠢᠭᠤᠯᠤᠨ᠎ᠠ      ︽ᠰᠠᠨᠠᠯ︾ ᠳᠤ ᠲᠣᠳᠣᠷᠬᠠᠶ ᠳᠤᠷᠠᠳᠤᠭᠰᠠᠨ ᠢᠶᠠᠷ᠂ ᠬᠡᠨ ᠠᠰᠢᠭ ᠬᠦᠷᠲᠡᠵᠦ ᠪᠠᠶᠢᠪᠠᠯ ᠬᠡᠨ ᠨᠥᠬᠦᠪᠥᠷᠢ ᠥᠭᠬᠦ᠂ ᠬᠠᠮᠠᠭᠠᠯᠠᠭᠴᠢ ᠪᠣᠯᠣᠨ ᠠᠰᠢᠭ ᠬᠦᠷᠲᠡᠭᠴᠢ ᠶᠢᠨ ᠡᠷᠬᠡ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠪᠠᠷᠢᠮᠵᠢᠶᠠᠨ ᠤ ᠰᠢᠰᠲ᠋ᠧᠮᠵᠢ ᠪᠣᠯᠣᠨ ᠨᠡᠪᠲᠡᠷᠡᠯᠴᠡᠨ ᠵᠣᠬᠢᠴᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠰᠢᠭ ᠬᠦᠷᠲᠡᠭᠴᠢᠳ ᠨᠢ ᠵᠠᠷᠤᠳᠠᠯ ᠥᠭᠬᠦ᠂ ᠬᠠᠮᠠᠭᠠᠯᠠᠭᠴᠢᠳ ᠨᠢ ᠵᠦᠢ ᠵᠣᠬᠢᠰᠲᠠᠶ ᠨᠥᠬᠦᠪᠥᠷᠢ ᠣᠯᠬᠤ ᠠᠵᠢᠯᠯᠠᠭᠠᠨ ᠤ ᠲᠣᠭᠲᠠᠴᠠ ᠶᠢ ᠲᠦᠷᠭᠡᠨ ᠪᠦᠷᠢᠭᠦᠯᠦᠨ᠎ᠡ᠃      ᠡᠨᠡᠬᠦ ᠬᠠᠷᠢᠭᠤᠴᠠᠯᠭᠠᠲᠠᠨ ᠬᠡᠯᠡᠭᠰᠡᠨ ᠨᠢ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠪᠡᠶᠡᠴᠢ ᠴᠣᠭᠴᠠ ᠪᠣᠯ ᠠᠮᠢ ᠠᠬᠤᠶ ᠶᠢᠨ ᠠᠰᠢᠭ ᠬᠦᠷᠲᠡᠭᠴᠢ ᠵᠢᠴᠢ ᠠᠰᠢᠭ ᠬᠦᠷᠲᠡᠭᠴᠢ ᠶᠢ ᠲᠥᠯᠥᠭᠡᠯᠡᠵᠦ ᠪᠠᠶᠢᠭ᠎ᠠ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠥᠨ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠲᠥᠰᠦᠪ ᠲᠡᠭᠡᠨ ᠣᠷᠣᠭᠤᠯᠵᠤ᠂ ᠮᠥᠩᠭᠦ ᠲᠦᠯᠦᠬᠦ ᠡᠭᠦᠷᠭᠡ ᠪᠠᠨ ᠦᠨᠡᠨ ᠬᠦ ᠭᠦᠢᠴᠡᠳᠬᠡᠵᠦ᠂ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ︔ ᠠᠮᠢ ᠠᠬᠤᠶ ᠶᠢ ᠬᠠᠮᠠᠭᠠᠯᠠᠬᠤ ᠠᠮᠵᠢᠯᠲᠠ ᠪᠦᠲᠦᠮᠵᠢ ᠶᠢ ᠪᠡᠯᠡ ᠮᠥᠩᠭᠦ ᠶᠢ ᠬᠤᠪᠢᠶᠠᠷᠢᠯᠠᠬᠤ  ᠲᠠᠢ ᠬᠤᠯᠪᠣᠭᠳᠠᠭᠤᠯᠬᠤ ᠤᠷᠮᠠᠰᠢᠭᠤᠯᠤᠯ  ᠪᠠ ᠬᠢᠵᠠᠭᠠᠷᠯᠠᠯ ᠤᠨ ᠲᠣᠭᠲᠠᠴᠠ ᠶᠢ ᠪᠥᠷᠢᠨᠰᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠪᠡᠯᠡ ᠮᠥᠩᠭᠦ ᠶᠢ ᠬᠡᠷᠡᠭᠯᠡᠬᠦ ᠪᠠ ᠡᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠭᠡᠵᠡᠢ᠃      ︽ᠠᠵᠤ ᠠᠬᠤᠶᠢᠯᠠᠯ᠂ ᠨᠡᠶᠢᠭᠡᠮ ᠤᠨ ᠪᠦᠯᠬᠦᠮ ᠵᠡᠷᠭᠡ ᠡᠯ᠎ᠡ ᠲᠦᠷᠦᠯ ᠤᠨ ᠠᠰᠢᠭ ᠬᠦᠷᠲᠡᠭᠴᠢ ᠪᠡᠶᠡᠴᠢ ᠴᠣᠭᠴᠠ ᠤᠳ ᠠᠮᠢ ᠠᠬᠤᠶ ᠶᠢᠨ ᠨᠥᠬᠦᠪᠥᠷᠢ ᠥᠭᠬᠦ ᠡᠭᠦᠷᠭᠡ ᠪᠠᠨ ᠭᠦᠢᠴᠡᠳᠬᠡᠬᠦ ᠬᠡᠷᠡᠭᠲᠡᠶ᠃ ᠬᠠᠮᠠᠭᠠᠯᠠᠭᠴᠢ ᠨᠢ ᠠᠮᠢ ᠠᠬᠤᠶ ᠶᠢ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠮᠢ ᠠᠬᠤᠶ ᠶᠢᠨ ᠪᠦᠲᠦᠭᠡᠭᠳᠡᠬᠦᠨ ᠤ ᠬᠠᠩᠭᠠᠯᠭ᠎ᠠ ᠪᠠ ᠶᠠᠰᠤ ᠴᠢᠨᠠᠷ ᠢ ᠪᠠᠲᠤᠯᠠᠬᠤ ᠬᠡᠷᠡᠭᠲᠡᠢ︾ ᠭᠡᠵᠦ ᠲᠤᠰ ᠬᠠᠷᠢᠭᠤᠴᠠᠯᠭᠠᠲᠠᠨ ᠴᠢᠬᠤᠯᠠᠴᠢᠯᠠᠪᠠ᠃      ᠣᠶᠢᠯᠠᠭᠠᠭᠰᠠᠨ ᠢᠶᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠳᠤ ᠭᠤᠣᠯᠳᠠᠯᠭ᠎ᠠ ᠲᠠᠢ ᠬᠦᠷᠢᠶᠡᠨ ᠳᠠᠬᠢ ᠨᠥᠬᠦᠪᠥᠷᠢ᠂ ᠭᠤᠣᠯᠳᠠᠯᠭ᠎ᠠ ᠲᠠᠢ ᠣᠷᠣᠨ ᠪᠦᠰᠡ ᠶᠢᠨ ᠨᠥᠬᠦᠪᠥᠷᠢ ᠪᠠ ᠭᠠᠵᠠᠷ ᠣᠷᠣᠨ ᠤ ᠬᠤᠭᠤᠷᠣᠨᠳᠣᠬᠢ ᠨᠥᠬᠦᠪᠥᠷᠢ ᠪᠠᠭᠲᠠᠨ᠎ᠠ᠃ ᠡᠭᠦᠨ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠨᠥᠬᠦᠪᠥᠷᠢ ᠳᠤ ᠤᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠭᠤᠪᠢ᠂ ᠳᠠᠯᠠᠢ ᠲᠠᠩᠭᠢᠰ᠂ ᠭᠤᠣᠯ ᠮᠥᠷᠡᠨ᠂ ᠲᠠᠷᠢᠶᠠᠨ ᠭᠠᠵᠠᠷ ᠵᠡᠷᠭᠡ 7 ᠶᠡᠭᠡ ᠬᠦᠷᠢᠶ᠎ᠡ ᠪᠠᠭᠲᠠᠨ᠎ᠠ︔ ᠭᠤᠣᠯᠳᠠᠯᠭ᠎ᠠ ᠲᠠᠢ ᠣᠷᠣᠨ ᠪᠦᠰᠡ ᠶᠢᠨ ᠨᠥᠬᠦᠪᠥᠷᠢ ᠳᠤ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠪᠠ  ᠨᠡᠭᠡᠭᠡᠨ ᠬᠥᠭᠵᠢᠭᠦᠯᠬᠦ ᠶᠢ ᠴᠠᠭᠠᠵᠠᠯᠠᠭᠰᠠᠨ ᠨᠥᠬᠦᠪᠥᠷᠢ ᠪᠠᠭᠲᠠᠨ᠎ᠠ︔ ᠭᠠᠵᠠᠷ ᠣᠷᠣᠨ ᠤ ᠬᠤᠭᠤᠷᠣᠨᠳᠣᠬᠢ ᠨᠥᠬᠦᠪᠥᠷᠢ ᠳᠤ ᠭᠤᠣᠯᠳᠠᠭᠤ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤᠨ ᠰᠤᠷᠪᠤᠯᠵᠢ ᠶᠢᠨ ᠣᠷᠣᠨ ᠤ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ᠂ ᠰᠢᠨ ᠠᠨ ᠵᠢᠶᠠᠩ ᠮᠥᠷᠡᠨ ᠤ ᠤᠰᠤᠨ ᠤ ᠣᠷᠴᠢᠨ ᠲᠣᠭᠤᠷᠢᠨ ᠤ ᠠᠮᠢ ᠠᠬᠤᠶ ᠳᠤ ᠨᠥᠬᠦᠪᠥᠷᠢᠯᠡᠬᠦ ᠲᠤᠷᠰᠢᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠣᠷᠣᠨ ᠨᠤᠲᠤᠭ ᠤᠨ ᠨᠥᠬᠦᠪᠥᠷᠢ ᠪᠠᠷ ᠭᠤᠣᠯ ᠪᠣᠯᠭᠠᠵᠤ᠂ ᠲᠥᠪ ᠤᠨ ᠡᠳ᠋ ᠤᠨ ᠵᠠᠰᠠᠭ ᠠᠴᠠ ᠳᠡᠮᠵᠢᠯᠭᠡ ᠦᠵᠡᠭᠦᠯᠬᠦ ᠠᠮᠢ ᠠᠬᠤᠶ ᠶᠢᠨ ᠬᠠᠮᠠᠭᠠᠯᠠᠯᠲᠠ ᠶᠢᠨ ᠬᠥᠨᠳᠡᠯᠡᠨ ᠠᠴᠠ ᠨᠥᠬᠦᠪᠥᠷᠢ ᠥᠭᠬᠦ ᠲᠣᠭᠲᠠᠴᠠ ᠶᠢᠨ ᠠᠷᠭ᠎ᠠ ᠶᠢ ᠰᠤᠳᠤᠯᠤᠨ ᠲᠣᠭᠲᠠᠭᠠᠨ᠎ᠠ᠃      ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠠᠤᠯᠢ ᠲᠦᠷᠢᠮ ᠤᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ      ᠤᠳᠤ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠪᠡᠯᠡ ᠮᠥᠩᠭᠦᠨ ᠤ ᠠᠷᠭ᠎ᠠ ᠵᠠᠮ ᠳᠠᠩ ᠴᠤᠯᠭᠤᠶ᠂ ᠭᠤᠣᠯ ᠨᠢ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠳᠤ ᠲᠦᠰᠢᠭᠯᠡᠵᠦ ᠪᠠᠶᠢᠬᠤ ᠪᠣᠳᠠᠲᠠᠶ ᠪᠠᠶᠢᠳᠠᠯ ᠳᠤ ᠴᠢᠭᠯᠡᠭᠦᠯᠦᠨ᠂ ︽ᠰᠠᠨᠠᠯ︾ ᠳᠤ ᠭᠤᠷᠪᠠᠨ ᠲᠠᠯ᠎ᠠ ᠪᠠᠷ ᠪᠡᠯᠡ ᠮᠥᠩᠭᠦ ᠴᠤᠭᠯᠠᠭᠤᠯᠬᠤ ᠶᠢ ᠳᠤᠷᠠᠳᠴᠤ᠂ ᠬᠠᠮᠠᠭᠠᠯᠠᠯᠲᠠ ᠶᠢᠨ ᠨᠥᠬᠦᠪᠥᠷᠢ ᠥᠭᠬᠦ ᠡᠷᠴᠢᠮ ᠢ ᠨᠡᠮᠡᠭᠳᠡᠭᠦᠯᠵᠡᠢ᠃      ᠭᠤᠯᠳᠤ ᠴᠢᠭᠯᠡᠯ ᠤᠨ ᠲᠠᠯ᠎ᠠ ᠪᠠᠷ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠳᠤ ᠰᠢᠯᠵᠢᠭᠦᠯᠦᠨ ᠥᠭᠬᠦ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠢᠯᠡᠭᠦᠬᠡᠨ ᠣᠯᠭᠤᠨ᠎ᠠ᠃      ᠬᠥᠨᠳᠡᠯᠡᠨ ᠴᠢᠭᠯᠡᠯ ᠤᠨ ᠲᠠᠯ᠎ᠠ ᠪᠠᠷ᠂ ᠠᠮᠢ ᠠᠬᠤᠶ ᠶᠢᠨ ᠠᠰᠢᠭ ᠬᠦᠷᠲᠡᠬᠦ ᠭᠠᠵᠠᠷ ᠣᠷᠣᠨ ᠨᠢ ᠠᠮᠢ ᠠᠬᠤᠶ ᠶᠢᠨ  ᠬᠠᠮᠠᠭᠠᠯᠠᠯᠲᠠ ᠶᠢᠨ ᠭᠠᠵᠠᠷ ᠣᠷᠣᠨ ᠯᠤᠭ᠎ᠠ᠂ ᠰᠠᠪᠠ ᠭᠠᠵᠠᠷ ᠤᠨ ᠲᠤᠤᠷᠠᠳᠤ ᠤᠷᠤᠰᠬᠠᠯ ᠨᠢ ᠳᠡᠭᠡᠳᠦ ᠤᠷᠤᠰᠬᠠᠯ ᠯᠤᠭ᠎ᠠ ᠪᠡᠯᠡ ᠮᠥᠩᠭᠦ ᠨᠥᠬᠦᠪᠥᠷᠢᠯᠡᠬᠦ ᠂ ᠠᠵᠢᠯ ᠳᠦᠷᠦᠯ ᠤᠨ ᠰᠢᠰᠲ᠋ᠧᠮ ᠢᠶᠠᠷ ᠬᠠᠮᠵᠢᠯᠴᠠᠬᠤ᠂ ᠠᠵᠤ ᠦᠢᠯᠡᠰ ᠢ ᠰᠢᠯᠵᠢᠭᠦᠯᠬᠦ᠂ ᠴᠢᠳᠠᠪᠤᠷᠢᠲᠠᠨ ᠢ ᠪᠣᠯᠪᠠᠰᠣᠷᠠᠭᠤᠯᠬᠤ᠂ ᠬᠠᠮᠲᠤ ᠪᠠᠷ ᠬᠦᠷᠢᠶᠡᠯᠡᠩ ᠲᠣᠭᠤᠷᠢᠭ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠥᠨᠳᠡᠯᠡᠨ ᠠᠴᠠ ᠨᠥᠬᠦᠪᠥᠷᠢ ᠥᠭᠬᠦ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃      ᠵᠠᠬ᠎ᠠ ᠳᠡᠯᠭᠡᠭᠦᠷ ᠤᠨ ᠲᠠᠯ᠎ᠠ ᠪᠠᠷ᠂ ᠵᠠᠬ᠎ᠠ ᠳᠡᠯᠭᠡᠭᠦᠷ ᠤᠨ ᠲᠣᠭᠲᠠᠴᠠ ᠠᠴᠠ ᠠᠮᠢ ᠠᠬᠤᠶ ᠶᠢᠨ ᠬᠠᠮᠠᠭᠠᠯᠠᠯᠲᠠ ᠶᠢ ᠠᠬᠢᠭᠤᠯᠬᠤ ᠳᠤ ᠦᠵᠡᠭᠦᠯᠬᠦ ᠢᠳᠡᠪᠬᠢ ᠦᠢᠯᠡᠳᠦᠯ ᠢ ᠪᠠᠳᠠᠷᠠᠭᠤᠯᠵᠤ ᠬᠠᠮᠠᠭᠠᠯᠠᠭᠴᠢ ᠨᠢ ᠠᠮᠢ ᠠᠬᠤᠶ ᠶᠢᠨ ᠪᠦᠲᠦᠭᠡᠭᠳᠡᠬᠦᠨ ᠤ ᠠᠷᠠᠯᠵᠢᠶ᠎ᠠ ᠰᠣᠯᠢᠯᠴᠠᠭ᠎ᠠ ᠪᠠᠷ ᠳᠠᠮᠵᠢᠨ ᠠᠰᠢᠭ ᠬᠦᠷᠲᠡᠬᠦ ᠪᠣᠯᠭᠠᠵᠤ᠂ ᠤᠰᠤᠨ ᠤ ᠡᠷᠬᠡ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠲᠦᠷᠢᠮ ᠢ ᠰᠦᠪᠡᠭᠴᠢᠯᠡᠨ ᠪᠠᠶᠢᠭᠤᠯᠵᠤ᠂ ᠪᠣᠬᠢᠷᠲᠤᠯ ᠦᠭᠡᠢ ᠦᠢᠯᠡᠳᠬᠦᠨ ᠳᠤ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠪᠠ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠲᠦᠷᠦ ᠶᠢᠨ ᠪᠤᠳᠤᠯᠭ᠎ᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠤᠨ᠎ᠠ᠃      ᠡᠨᠡᠬᠦ ᠬᠠᠷᠢᠭᠤᠴᠠᠯᠭᠠᠲᠠᠨ ᠬᠡᠯᠡᠭᠰᠡᠨ ᠨᠢ᠂ ᠳᠠᠷᠠᠭᠠᠴᠢ ᠶᠢᠨ ᠠᠯᠬᠤᠮ ᠳᠤ᠂ ︽ᠰᠠᠨᠠᠯ︾ ᠤᠨ ᠰᠠᠭᠤᠷᠢᠨ ᠳᠡᠭᠡᠷ᠎ᠡ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠳᠦᠷᠢᠮ ᠢ ᠱᠠᠯᠠᠪᠳᠠᠨ ᠰᠤᠳᠤᠯᠤᠨ ᠲᠣᠭᠲᠠᠭᠠᠵᠤ᠂ ᠨᠥᠬᠦᠪᠥᠷᠢ ᠥᠭᠬᠦ ᠵᠠᠷᠴᠢᠮ᠂ ᠨᠥᠬᠦᠪᠥᠷᠢ ᠥᠭᠬᠦ ᠬᠦᠷᠢᠶ᠎ᠡ᠂ ᠨᠥᠬᠦᠪᠥᠷᠢ ᠣᠯᠭᠤᠬᠤ ᠬᠡᠪᠴᠢᠶ᠎ᠡ᠂ ᠲᠥᠯᠥᠪᠦᠷᠢ ᠥᠭᠬᠦ ᠡᠲᠡᠭᠡᠳ᠂ ᠲᠥᠯᠥᠪᠦᠷᠢ ᠥᠭᠬᠦ ᠪᠠᠷᠢᠮᠵᠢᠶ᠎ᠠ᠂ ᠡᠷᠬᠡ ᠡᠭᠦᠷᠭᠡ᠂ ᠬᠢᠨᠠᠨ ᠰᠢᠯᠭᠠᠵᠤ ᠦᠨᠡᠯᠡᠨ ᠵᠢᠱᠢᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ ᠲᠣᠳᠣᠷᠬᠠᠶᠢᠯᠠᠨ᠎ᠠ᠃ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠦᠨᠳᠦᠰᠦᠯᠡᠨ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠬᠠᠤᠯᠢ ᠶᠢ ᠰᠤᠳᠤᠯᠤᠨ ᠲᠣᠭᠲᠠᠭᠠᠨ᠎ᠠ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ