ᠥᠪᠥᠷ ᠮᠣᠩᠭᠤᠯ 70 ᠭᠤᠣᠯᠳᠠᠯᠭ᠎ᠠ ᠲᠠᠢ ᠵᠠᠰᠠᠮᠠᠯ ᠵᠠᠮ ᠪᠣᠯᠤᠨ ᠵᠠᠮ ᠰᠦᠯᠵᠢᠶ᠎ᠡ ᠶᠢᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠢ
ᠨᠡᠶᠢᠲᠡᠯᠡᠭᠰᠡᠨ ᠴᠠᠭ᠄
2016/5/24
     ᠣᠶᠢᠷ᠎ᠠ ᠳᠤ᠂ ᠥᠪᠥᠷ ᠮᠣᠩᠭᠤᠯ ᠵᠠᠰᠠᠮᠠᠯ ᠵᠠᠮ ᠤᠨ ᠴᠢᠬᠤᠯᠠ ᠶᠡᠭᠡ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠳ ᠤᠨ ᠠᠵᠢᠯ ᠢ ᠰᠡᠷᠭᠦᠭᠡᠵᠦ᠂ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠪᠠᠨ ᠡᠬᠢᠯᠡᠭᠦᠯᠦᠭᠰᠡᠨ ᠪᠠᠶᠢᠨ᠎ᠠ      ᠣᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ 70 ᠭᠤᠣᠯᠳᠠᠯᠭ᠎ᠠ ᠲᠠᠢ ᠵᠠᠰᠠᠮᠠᠯ ᠵᠠᠮ ᠪᠣᠯᠤᠨ ᠵᠠᠮ ᠤᠨ ᠰᠦᠯᠵᠢᠶ᠎ᠡ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠢ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ 37 ᠪᠠᠶᠢᠵᠤ᠂ ᠪᠡᠭᠡᠵᠢᠩ ᠠᠴᠠ ᠰᠢᠨᠵᠢᠶᠠᠩ ᠬᠦᠷᠬᠦ ᠳᠡᠭᠡᠳᠦ ᠬᠤᠷᠳᠤᠴᠠᠲᠤ ᠵᠠᠰᠠᠮᠠᠯ ᠵᠡᠮ ᠳᠠᠬᠢ ᠯᠢᠨᠾᠧ — ᠥᠪᠥᠷ ᠮᠣᠩᠭᠤᠯ ᠭᠠᠨᠰᠦ ᠶᠢᠨ ᠵᠠᠭᠠᠭ ᠬᠦᠷᠬᠦ ᠬᠡᠰᠡᠭ᠂ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠳᠡᠭᠡᠳᠦ ᠬᠤᠷᠳᠤᠴᠠᠲᠤ ᠵᠠᠰᠠᠮᠠᠯ ᠵᠡᠮ ᠳᠠᠬᠢ ᠳ᠋ᠠᠪᠠᠨ — ᠪᠢᠷᠠᠭᠤ — ᠰᠢᠯᠢ ᠶᠢᠨ ᠬᠤᠲᠠ ᠬᠦᠷᠬᠦ᠂ ᠰᠦᠢ ᠹᠧᠨ ᠾᠧ —— ᠮᠠᠨᠵᠤᠤᠷ ᠬᠦᠷᠬᠦ ᠳᠡᠭᠡᠳᠦ ᠬᠤᠷᠳᠤᠴᠠᠲᠤ ᠵᠠᠰᠠᠮᠠᠯ ᠵᠡᠮ ᠳᠠᠬᠢ ᠬᠠᠶᠢᠯᠠᠷ — ᠮᠠᠨᠵᠤᠤᠷ ᠬᠦᠷᠬᠦ᠂ S31 ᠳ᠋ᠠ ᠹᠠᠨ ᠫᠦ᠋ — ᠯᠦᠩ ᠺᠸᠤ ᠵᠡᠷᠭᠡ ᠳᠡᠭᠡᠳᠦ ᠬᠤᠷᠳᠤᠴᠠᠲᠤ ᠵᠠᠰᠠᠮᠠᠯ ᠵᠠᠮ ᠪᠣᠯᠤᠨ ᠨᠢᠷᠵᠢ — ᠳ᠋ᠠ ᠶᠠᠩ ᠱᠦ᠂ ᠠᠯᠳᠠᠷ — ᠷᠠᠰᠢᠶᠠᠨ ᠬᠦᠷᠬᠦ ᠵᠡᠷᠭᠡ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠨ᠎ᠠ᠃      ᠣᠳᠣᠬᠠᠨ ᠳᠤ᠂ ᠪᠡᠭᠡᠵᠢᠩ ᠠᠴᠠ ᠰᠢᠨᠵᠢᠶᠠᠩ ᠬᠦᠷᠬᠦ ᠳᠡᠭᠡᠳᠦ ᠬᠤᠷᠳᠤᠴᠠᠲᠤ ᠵᠠᠰᠠᠮᠠᠯ ᠵᠡᠮ ᠤᠨ ᠪᠠᠶᠠᠨᠨᠠᠭᠤᠷ ᠤᠨ ᠬᠢᠯᠢ ᠳᠣᠲᠣᠷᠠᠬᠢ 10 ᠳᠠᠭᠠᠭᠠᠴᠢᠯᠠᠯᠲᠠ ᠶᠢᠨ ᠬᠡᠰᠡᠭ ᠤᠨ ᠪᠠᠷᠢᠯᠭ᠎ᠠ ᠶᠢ ᠪᠦᠭᠦ ᠲᠠᠯ᠎ᠠ ᠪᠠᠷ ᠰᠡᠷᠭᠦᠭᠡᠵᠦ᠂ ᠬᠥᠭᠦᠷᠭᠡ ᠲᠠᠯᠪᠢᠬᠤ ᠪᠠ ᠵᠠᠮ ᠳᠡᠪᠢᠰᠬᠦ ᠠᠵᠢᠯ ᠢ ᠨᠢᠭᠡᠨᠲᠡ ᠡᠬᠢᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号