ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠶᠢᠨ ᠬᠤᠷᠠᠯ ᠤᠯᠠᠭᠠᠨᠬᠠᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/5/24
     ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠶᠢᠨ ᠬᠤᠷᠠᠯ 2016 ᠣᠨ ᠤ 5 ᠳ᠋ᠤᠭᠠᠷ ᠰᠠᠷ᠎ᠠ ᠶᠢᠨ 20᠎ ᠤ ᠡᠳᠦᠷ ᠤᠯᠠᠭᠠᠨᠬᠠᠳᠠ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ᠂ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠲᠤᠤ ᠵᠢᠶᠠᠨ᠂ ᠬᠠᠤᠯᠢ ᠴᠠᠭᠠᠵᠠ ᠶᠢᠨ ᠶᠠᠮᠤᠨ ᠤ ᠦᠨᠳᠦᠰᠦᠨ ᠱᠠᠲᠤᠨ ᠤ ᠵᠤᠷᠭᠠᠨ ᠤ ᠳᠡᠳ᠋ ᠳᠠᠷᠤᠭ᠎ᠠ ᠹᠠᠨ ᠯᠢᠦᠶ ᠪᠢᠩ ᠪᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠨᠠᠷ ᠬᠤᠷᠠᠯ ᠳᠤ ᠣᠷᠤᠯᠴᠠᠪᠠ᠃ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ᠂ ᠦᠨᠳᠦᠰᠦᠨ ᠱᠠᠲᠤᠨ ᠤ ᠰᠠᠯᠠᠭᠠᠨ ᠤ ᠳᠠᠷᠤᠭ᠎ᠠ ᠪᠠ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠨᠠᠷ ᠬᠤᠷᠠᠯ ᠳᠤ ᠣᠷᠤᠯᠴᠠᠪᠠ᠃ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠪᠣᠣᠱᠠᠨ ᠬᠤᠷᠠᠯ ᠡᠷᠬᠢᠯᠡᠪᠡ᠃      ᠳᠡᠳ᠋ ᠱᠦᠵᠢ ᠲᠤᠤ ᠵᠢᠶᠠᠨ᠂ ᠵᠤᠷᠭᠠᠨ ᠤ ᠳᠡᠳ᠋ ᠳᠠᠷᠤᠭ᠎ᠠ ᠹᠠᠨ ᠯᠢᠦᠶ ᠪᠢᠩ ᠪᠠ ᠲᠢᠩᠬᠢᠮ ᠤᠨ ᠳᠠᠷᠤᠭ᠎ᠠ ᠵᠧᠦ ᠯᠢ ᠮᠢᠩ ᠬᠤᠷᠠᠯ ᠳᠡᠭᠡᠷ᠎ᠡ ᠲᠤᠰ ᠲᠤᠰ ᠲᠠᠭᠠᠨ ᠴᠢᠬᠤᠯᠠ ᠶᠠᠷᠢᠶ᠎ᠠ ᠲᠠᠯᠪᠢᠵᠤ᠂ ᠳᠡᠳ᠋ ᠲᠢᠩᠬᠢᠮ ᠤᠨ ᠳᠠᠷᠤᠭ᠎ᠠ ᠪᠦᠦ ᠱᠠᠨ ᠳ᠋ᠦᠩᠨᠨᠡᠯᠲᠡ ᠬᠢᠪᠡ᠃      ᠬᠤᠷᠠᠯ ᠳᠡᠭᠡᠷ᠎ᠡ᠂ ᠬᠠᠤᠯᠢ ᠴᠠᠭᠠᠵᠠ ᠶᠢᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠶᠠᠪᠤᠳᠠᠯ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠷᠭᠡᠳ ᠤᠨ ᠡᠶᠡᠲᠡᠭᠦᠯᠭᠡ ᠶᠢᠨ ᠠᠵᠢᠯ ᠤᠨ ᠲᠤᠬᠠᠶ 3 ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠨ᠂ ᠢᠷᠭᠡᠳ ᠤᠨ ᠡᠶᠡᠳᠡᠭᠦᠯᠭᠡ ᠪᠣᠯᠤᠨ ᠨᠡᠶᠢᠭᠡᠮ ᠤᠨ ᠲᠣᠭᠤᠷᠢᠭ ᠤᠨ ᠵᠠᠯᠠᠷᠠᠭᠤᠯᠤᠭ᠎ᠠ ᠶᠢᠨ ᠠᠵᠢᠯ ᠤᠨ 36 ᠲᠡᠷᠢᠭᠦᠨ ᠤ ᠬᠠᠮᠲᠤ ᠪᠠ 330 ᠲᠡᠷᠢᠭᠦᠨ ᠤ ᠬᠤᠪᠢ ᠬᠥᠮᠦᠨ ᠢ ᠬᠦᠬᠢᠭᠦᠯᠦᠨ ᠰᠠᠶᠢᠰᠢᠶᠠᠵᠤ᠂ ᠦᠬᠠᠶ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ 6 ᠨᠢᠭᠡᠴᠡ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠡᠮᠦᠨ᠎ᠡ᠂ ᠬᠠᠤᠯᠢ ᠴᠠᠭᠠᠵᠠ ᠶᠢᠨ ᠲᠢᠩᠬᠢᠮ ᠬᠤᠷᠠᠯ ᠤᠨ ᠲᠦᠯᠦᠭᠡᠯᠡᠭᠴᠢ ᠢ ᠵᠣᠬᠢᠶᠠᠨ ᠪᠠᠶᠢᠭᠤᠯᠵᠤ ᠤᠷᠢᠳ ᠬᠤᠵᠢᠳ ᠬᠥᠬᠡᠬᠤᠲᠠ᠂ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ ᠪᠠ ᠤᠯᠠᠭᠠᠨᠬᠠᠳᠠ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠪᠡ᠃ ᠬᠤᠷᠠᠯ ᠤᠨ ᠳᠠᠷᠠᠭ᠎ᠠ᠂ ᠬᠠᠤᠯᠢ ᠴᠠᠭᠠᠵᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ ᠤᠨ ᠤᠳᠤᠷᠢᠳᠤᠯᠭ᠎ᠠ ᠨᠠᠷ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠠᠤᠯᠢ ᠶᠢᠨ ᠶᠠᠪᠤᠳᠠᠯ ᠤᠨ ᠳᠠᠰᠤᠭ᠂ ᠵᠠᠷᠭᠤ ᠳᠤ ᠬᠤᠯᠪᠣᠭᠳᠠᠭᠰᠠᠨ ᠵᠢᠭᠤᠷᠠᠯᠳᠤᠭᠠᠨ ᠤ ᠢᠷᠭᠡᠳ ᠤᠨ ᠡᠶᠡᠳᠡᠭᠦᠯᠭᠡ ᠶᠢᠨ ᠺᠣᠮᠢᠰ᠂ ᠬᠠᠤᠯᠢ ᠪᠠᠷ ᠵᠠᠰᠠᠬᠤ ᠴᠡᠴᠡᠷᠯᠢᠭ ᠤᠨ ᠪᠥᠳᠥᠭᠡᠨ ᠪᠠᠶᠢᠭᠤᠯᠤᠯᠲᠠ ᠵᠡᠷᠭᠡ ᠶᠢ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号