ᠥᠪᠥᠷ ᠮᠣᠩᠭᠤᠯ ᠪᠦᠬᠦ ᠤᠯᠤᠰ ᠤᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠮᠳᠡᠭᠯᠡᠵᠦ ᠦᠨᠡᠮᠯᠡᠯ ᠣᠯᠭᠤᠬᠤ ᠶᠢ ᠪᠦᠬᠦ ᠣᠷᠣᠨ ᠢᠶᠠᠷ ᠢᠶᠠᠨ ᠲᠦᠯᠬᠢᠨ ᠠᠬᠢᠭᠤᠯᠬᠤ ᠮᠤᠵᠢ ᠣᠷᠣᠨ ᠪᠣᠯᠪᠠ
ᠨᠡᠶᠢᠲᠡᠯᠡᠭᠰᠡᠨ ᠴᠠᠭ᠄
2016/5/24
     5 ᠳ᠋ᠤᠭᠠᠷ ᠰᠠᠷ᠎ᠠ ᠶᠢᠨ 23᠎ ᠤ ᠡᠳᠦᠷ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠵᠢᠴᠢ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠮᠳᠡᠭᠯᠡᠵᠦ ᠦᠨᠡᠮᠯᠡᠯ ᠣᠯᠭᠤᠬᠤ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ᠂ ᠥᠪᠥᠷ ᠮᠣᠩᠭᠤᠯ ᠨᠢᠭᠡᠨᠲᠡ ᠪᠦᠬᠦ ᠤᠯᠤᠰ ᠤᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ‌‍ᠲ᠋ᠡᠮᠳᠡᠭᠯᠡᠵᠦ ᠦᠨᠡᠮᠯᠡᠯ ᠣᠯᠭᠤᠬᠤ ᠶᠢ ᠪᠦᠬᠦ ᠣᠷᠣᠨ ᠢᠶᠠᠷ ᠢᠶᠠᠨ ᠲᠦᠯᠬᠢᠨ ᠠᠬᠢᠭᠤᠯᠬᠤ ᠮᠤᠵᠢ ᠣᠷᠣᠨ ᠢᠶᠠᠷ ᠲᠣᠭᠲᠠᠭᠠᠪᠠ᠂ ᠮᠠᠨ ᠤ ᠣᠷᠣᠨ ᠪᠠᠶᠠᠨᠨᠠᠭᠤᠷ ᠬᠤᠳᠠ᠂ ᠠᠯᠠᠱᠠ ᠠᠶᠢᠮᠠᠭ ᠢ ᠪᠦᠬᠦ ᠠᠶᠢᠮᠠᠭ ᠬᠤᠳᠠ ᠪᠠᠷ ᠢᠶᠠᠨ ᠲᠦᠯᠬᠢᠨ ᠠᠬᠢᠭᠤᠯᠬᠤ᠂ ᠬᠥᠬᠡᠬᠤᠲᠠ ᠶᠢᠨ ᠲᠦᠮᠡᠳ ᠵᠡᠭᠦᠨ ᠬᠤᠰᠢᠭᠤ ᠵᠡᠷᠭᠡ 31 ᠬᠤᠰᠢᠭᠤ ᠰᠢᠶᠠᠨ ︵ᠬᠤᠳᠠ᠂ ᠲᠣᠭᠤᠷᠢᠭ︶᠎ ᠢ ᠪᠦᠬᠦ ᠬᠤᠰᠢᠭᠤ ᠰᠢᠶᠠᠨ ᠢᠶᠠᠷ ᠢᠶᠠᠨ ᠲᠦᠯᠬᠢᠨ ᠠᠬᠢᠭᠤᠯᠬᠤ ᠪᠠᠷ ᠲᠣᠬᠢᠷᠠᠭᠤᠯᠵᠤ᠂ 2018 ᠣᠨ ᠤ 6 ᠳ᠋ᠤᠭᠠᠷ ᠰᠠᠷ᠎ᠠ ᠳᠤ ᠭᠠᠵᠠᠷ ᠰᠢᠷᠣᠶ ᠶᠢᠨ ᠥᠮᠴᠢᠯᠡᠬᠦ ᠡᠷᠬᠡ ᠶᠢ ᠨᠤᠲᠠᠯᠠᠨ  ᠲᠡᠮᠳᠡᠭᠯᠡᠵᠦ ᠦᠨᠡᠮᠯᠡᠯ ᠣᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠮᠳᠡᠭᠯᠡᠵᠦ ᠦᠨᠡᠮᠯᠡᠯ ᠣᠯᠭᠤᠬᠤ ᠠᠵᠢᠯ ᠨᠢ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠲᠥᠷᠭᠡᠨ ᠬᠦᠭᠵᠢᠭᠦᠯᠬᠦ᠂ ᠮᠠᠯᠴᠢᠨ ᠲᠠᠷᠢᠶᠠᠴᠢᠳ ᠤᠨ ᠡᠷᠬᠡ ᠠᠰᠢᠭ ᠢ ᠬᠠᠮᠠᠭᠠᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠠᠯᠢ ᠡᠷᠲᠡ 2011 ᠣᠨ ᠳᠤ᠂ ᠮᠠᠨ ᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠮᠳᠡᠭᠯᠡᠵᠦ ᠦᠨᠡᠮᠯᠡᠯ ᠣᠯᠭᠤᠬᠤ ᠠᠵᠢᠯ ᠳᠤ 2 ᠰᠢᠶᠠᠩ ᠪᠠᠯᠭᠠᠰᠤ ᠶᠢ ᠰᠤᠩᠭᠤᠨ ᠲᠤᠷᠰᠢᠯᠲᠠ ᠬᠢᠵᠦ᠂ 2013 ᠣᠨ ᠳᠤ 4 ᠬᠤᠰᠢᠭᠤ ᠰᠢᠶᠠᠨ᠂ 5 ᠰᠤᠮᠤ ᠰᠢᠶᠠᠩ ᠪᠠᠯᠭᠠᠰᠤ ᠶᠢ ᠤᠯᠤᠰ ᠤᠨ ᠲᠤᠷᠰᠢᠯᠲᠠ ᠶᠢᠨ ᠴᠢᠭ᠋ ᠪᠣᠯᠭᠠᠪᠠ᠃ 2014 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠶᠢᠮᠠᠭ ᠬᠤᠳᠠ ᠨᠢᠭᠡᠪᠦᠷᠢ ᠠᠴᠠ ᠨᠢᠭᠡ ᠬᠤᠰᠢᠭᠤ ᠰᠢᠶᠠᠨ ᠢ ᠰᠤᠩᠭᠤᠵᠤ ᠪᠦᠬᠦ ᠬᠤᠰᠢᠭᠤ ᠰᠢᠶᠠᠨ ᠢᠶᠠᠷ ᠢᠶᠠᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠬᠤ ᠪᠠᠷ ᠲᠣᠭᠲᠠᠭᠠᠪᠠ᠃ 2015 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠢ ᠬᠦᠲᠦᠯᠦᠨ ᠵᠢᠯᠣᠭᠤᠳᠴᠤ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠬᠦ ᠡᠷᠬᠡ ᠶᠢ ᠡᠮᠬᠢ ᠵᠢᠷᠤᠮ ᠲᠠᠢ ᠪᠠᠷ ᠡᠷᠭᠢᠯᠳᠦᠭᠦᠯᠵᠦ ᠲᠠᠷᠢᠶᠠᠯᠠᠩ ᠮᠠᠯ ᠠᠵᠤ ᠠᠬᠤᠶ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠦᠭᠵᠢᠭᠦᠯᠬᠦ ᠶᠢᠨ ᠬᠡᠷᠡᠭᠵᠢᠭᠦᠯᠬᠦ ᠰᠠᠨᠠᠯ ᠵᠡᠷᠭᠡ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠳᠤ ᠬᠤᠯᠪᠣᠭᠳᠠᠭᠰᠠᠨ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠨ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠮᠳᠡᠭᠯᠡᠵᠦ ᠦᠨᠡᠮᠯᠡᠯ ᠣᠯᠭᠤᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠦᠨᠦ ᠪᠣᠯᠬᠤ ᠳᠤ ᠨᠢᠭᠡᠨᠲᠡ 7600 ᠭᠠᠷᠤᠢ ᠲᠦᠮᠡᠨ ᠮᠦ ᠭᠠᠵᠠᠷ ᠲᠠᠯᠠᠪᠠᠢ ᠳᠤ ᠠᠵᠢᠯ ᠢᠶᠠᠨ ᠦᠷᠨᠢᠭᠦᠯᠬᠦ ᠪᠠᠷ ᠪᠠᠶᠢᠷᠢᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠡᠷᠴᠢᠮᠲᠡᠢ ᠲᠣᠭᠲᠠᠪᠤᠷᠢᠵᠢᠭᠤᠯᠤᠨ ᠪᠦᠷᠢᠨᠰᠢᠭᠦᠯᠪᠡ᠃ ᠡᠭᠦᠨ ᠤ ᠬᠠᠮᠲᠤ᠂ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠦᠴᠢᠷ ᠤᠳ ᠴᠦ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠡᠷᠭᠢᠯᠳᠦᠭᠦᠯᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠳᠠᠭᠠᠭᠠᠴᠢᠯᠠᠭᠰᠠᠨ ᠲᠠᠷᠢᠶᠠᠨ ᠭᠠᠵᠠᠷ ᠢ ᠡᠷᠭᠢᠯᠳᠦᠭᠦᠯᠦᠭᠰᠡᠨ ᠲᠠᠯᠠᠪᠠᠢ ᠨᠢ 3187 ᠲᠦᠮᠡᠨ ᠮᠦ ᠳᠤ ᠬᠦᠷᠴᠦ᠂ ᠪᠥᠬᠦ ᠣᠷᠣᠨ ᠤ ᠭᠡᠷ ᠪᠦᠯᠢ ᠶᠢᠨ ᠳᠠᠭᠠᠭᠠᠴᠢᠯᠠᠨ ᠡᠵᠡᠩᠨᠡᠬᠦ ᠲᠠᠷᠢᠶᠠᠨ ᠭᠠᠵᠠᠷ ᠤᠨ ᠶᠡᠷᠦᠩᠬᠡᠶ ᠲᠡᠯᠡᠪᠡᠢ ᠶᠢᠨ 32.5%᠎ ᠎ ᠶᠢ ᠡᠵᠡᠯᠡᠵᠦ᠂ ᠲᠦᠷᠦᠭᠦᠦ ᠵᠢᠯ ᠤᠨ ᠬᠢ ᠠᠴᠠ 10.47% ᠨᠡᠮᠡᠭᠳᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号