ᠬᠦᠢᠲᠡᠨ ᠠᠭᠤᠷ ᠠᠮᠢᠰᠬᠤᠯ ᠠᠴᠠ ᠪᠣᠯᠵᠤ ᠥᠪᠥᠷ ᠮᠣᠩᠭᠤᠯ ᠤᠨ ᠮᠠᠯᠵᠢᠬᠤ ᠣᠷᠣᠨ ᠤ ᠨᠣᠣᠰᠣ ᠨᠣᠯᠤᠤᠷ ᠬᠤᠷᠢᠶᠠᠬᠤ ᠠᠵᠢᠯ 10 ᠡᠳᠦᠷ ᠬᠤᠶᠢᠰᠢᠯᠠᠭᠳᠠᠪᠠ
ᠨᠡᠶᠢᠲᠡᠯᠡᠭᠰᠡᠨ ᠴᠠᠭ᠄
2016/5/24
      ᠬᠡᠳᠦᠨ ᠡᠳᠦᠷ ᠤᠨ ᠲᠤᠷᠰᠢ᠂ ᠬᠦᠢᠲᠡᠨ ᠠᠭᠤᠷ ᠠᠮᠢᠰᠬᠤᠯ ᠤᠨ ᠬᠥᠳᠡᠯᠭᠡᠭᠡᠨ ᠠᠴᠠ ᠪᠣᠯᠵᠤ ᠥᠪᠥᠷ ᠮᠣᠩᠭᠤᠯ ᠤᠨ ᠬᠦᠢᠲᠡᠨ ᠬᠠᠯᠠᠭᠤᠨ ᠤ ᠰᠣᠯᠢᠭᠳᠠᠯ ᠶᠡᠬᠡᠰᠴᠦ᠂ ᠲᠥᠯ ᠲᠤᠰᠬᠤ ᠶᠢ ᠨᠥᠯᠥᠭᠡᠯᠡᠭᠰᠡᠨ ᠢᠶᠠᠷ ᠪᠠᠷᠠᠬᠤ ᠦᠭᠡᠶ᠂ ᠮᠠᠯᠵᠢᠬᠤ ᠣᠷᠣᠨ ᠤ ᠨᠣᠣᠰᠣ ᠨᠣᠯᠤᠤᠷ ᠬᠤᠷᠢᠶᠠᠬᠤ ᠠᠵᠢᠯ ᠴᠦ ᠬᠤᠶᠢᠰᠢᠯᠠᠭᠳᠠᠪᠠ᠃ ᠡᠨᠡ ᠬᠠᠪᠤᠷ ᠪᠥᠬᠦ ᠣᠷᠣᠨ ᠤ ᠠᠭᠤᠷ ᠠᠮᠢᠰᠬᠤᠯ ᠤᠨ ᠣᠨᠴᠠᠯᠢᠭ ᠪᠣᠯ ᠣᠬᠤᠷᠬᠠᠨ ᠬᠤᠭᠤᠴᠠᠭ᠎ᠠ ᠳᠤᠯᠠᠭᠠᠷᠠᠭᠰᠠᠨ ᠤ ᠳᠠᠷᠠᠭ᠎ᠠ ᠳᠤᠯᠠᠭᠠᠨ ᠎ ᠤ ᠬᠡᠮᠵᠢᠶ᠎ᠡ ᠳᠣᠷᠣᠭᠰᠢᠯᠠᠵᠤ ᠲᠣᠭᠲᠠᠪᠤᠷᠢ ᠦᠭᠡᠢ ᠪᠣᠯᠪᠠ᠃ ᠡᠩ ᠤᠨ ᠵᠢᠯ ᠳᠤ ᠲᠥᠯ ᠲᠤᠰᠴᠤ ᠪᠤᠶᠢᠵᠢᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ 5 ᠳ᠋ᠤᠭᠠᠷ ᠰᠠᠷ᠎ᠠ ᠶᠢᠨ ᠡᠬᠢ ᠪᠠᠷ ᠪᠦᠬᠦ ᠣᠷᠣᠨ ᠤ ᠪᠠᠷᠠᠭᠤᠨ ᠠᠴᠠ ᠵᠡᠭᠦᠨᠰᠢ ᠨᠣᠣᠰᠣ ᠨᠣᠯᠤᠤᠷ ᠬᠤᠷᠢᠶᠠᠳᠠᠭ᠂ ᠭᠡᠲᠡᠯ᠎ᠡ ᠣᠷᠴᠢᠮᠬᠠᠨ ᠰᠠᠯᠬᠢᠯᠠᠵᠤ ᠬᠦᠢᠲᠡᠷᠡᠭᠡᠳ᠂ ᠮᠠᠯᠵᠢᠬᠤ ᠣᠷᠣᠨ ᠤ ᠨᠣᠣᠰᠣ ᠨᠣᠯᠤᠤᠷ ᠬᠤᠷᠢᠶᠠᠬᠤ ᠠᠵᠢᠯ ᠳᠤ ᠠᠰᠢᠭ ᠦᠭᠡᠢ ᠪᠣᠯᠪᠠ᠃ ᠵᠢᠱᠢᠯᠲᠡ ᠪᠠᠷ 5 ᠳ᠋ᠤᠭᠠᠷ ᠰᠠᠷ᠎ᠠ ᠶᠢᠨ ᠰᠡᠭᠦᠯᠴᠢ ᠪᠠᠷ᠂ ᠪᠦᠬᠦ ᠣᠷᠣᠨ 5 ᠳ᠋ᠤᠭᠠᠷ ᠰᠠᠷ᠎ᠠ ᠶᠢᠨ 21᠎ ᠤ ᠡᠳᠦᠷ᠂ 5 ᠳ᠋ᠤᠭᠠᠷ ᠰᠠᠷ᠎ᠠ ᠶᠢᠨ 24᠎ ᠤ ᠡᠳᠦᠷ ᠪᠠ 5 ᠳ᠋ᠤᠭᠠᠷ ᠰᠠᠷ᠎ᠠ ᠶᠢᠨ 31᠎ ᠤ ᠡᠳᠦᠷ ᠭᠤᠷᠪᠠ ᠤᠳᠠᠭ᠎ᠠ ᠬᠦᠢᠲᠡᠷᠡᠵᠦ᠂ ᠪᠦᠬᠦ ᠣᠷᠣᠨ ᠤ ᠶᠡᠬᠡᠩᠬᠢ ᠭᠠᠵᠠᠷ ᠤᠨ ᠳᠤᠯᠠᠭᠠᠨ ᠤ ᠬᠡᠮᠵᠢᠶ᠎ᠡ 6 ~ 8 ᠼᠧᠯᠰ ᠭᠷᠠᠳᠦ᠋ᠰ ᠣᠷᠴᠢᠮ ᠪᠠᠭᠤᠷᠠᠵᠤ᠂ ᠪᠥᠬᠦ ᠣᠷᠣᠨ ᠤ ᠨᠣᠣᠰᠣ ᠨᠣᠯᠤᠤᠷ ᠬᠤᠷᠢᠶᠠᠬᠤ ᠠᠵᠢᠯ 10 ᠡᠳᠦᠷ ᠣᠷᠴᠢᠮ ᠬᠤᠶᠢᠰᠢᠯᠠᠭᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号