ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ︽ᠲᠦᠷᠭᠡᠨ ᠬᠦᠷᠭᠡᠯᠲᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ | ᠨᠡᠶᠢᠲᠡᠯᠡᠵᠦ᠂ ᠠᠵᠢᠯ ᠲᠥᠷᠥᠯ ᠢ ᠵᠥᠪᠰᠢᠶᠡᠷᠡᠨ ᠣᠷᠣᠭᠤᠯᠬᠤ᠂ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ᠂ | ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ᠂ ᠮᠥᠩᠭᠦᠨ | ᠭᠦᠢᠯᠭᠡᠭᠡᠨ ᠤ ᠲᠦᠷᠦ ᠶᠢᠨ ᠪᠤᠳᠤᠯᠭ᠎ᠠ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ᠂ ᠨᠡᠪᠲᠡᠷᠡᠬᠦ ᠪᠠᠲᠤᠯᠠᠭ᠎ᠠ᠂ | ᠦᠵᠦᠭᠦᠷ ᠤᠨ ᠪᠠᠶᠢᠭᠤᠯᠤᠯᠲᠠ ᠵᠡᠷᠭᠡ 8 ᠲᠠᠯ᠎ᠠ ᠠᠴᠠ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠢᠵᠢ | ᠪᠦᠷᠢᠳᠦᠭᠦᠯᠵᠦ᠂ ᠳᠥᠭᠦᠮ ᠳᠥᠲᠡ ᠪᠥᠭᠡᠳ ᠥᠨᠳᠥᠷ ᠪᠥᠲᠦᠮᠵᠢᠲᠡᠢ᠂ ᠥᠷᠢᠰᠦᠯᠳᠦᠭᠡᠨ ᠨᠢ ᠡᠮᠬᠢ ᠵᠢᠷᠤᠮ ᠲᠠᠢ᠂ | ᠲᠡᠷᠢᠭᠦᠨ ᠤ ᠲᠧᠭᠨᠢᠭ ᠮᠡᠷᠭᠡᠵᠢᠯ ᠲᠠᠢ᠂ ᠴᠢᠨᠠᠷᠯᠢᠭ ᠦᠢᠯᠡᠴᠢᠯᠡᠭᠡ ᠲᠠᠢ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠬᠦᠴᠦᠯᠡᠨ ᠪᠠᠶᠢᠭᠤᠯᠵᠤ ᠪᠠᠶᠢᠨ᠎ᠠ᠃ ︽ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠨᠢ᠂ 2020 | ᠣᠨ ᠪᠣᠯᠬᠤ ᠳᠤ᠂ ︽ᠠᠶᠢᠮᠠᠭ ᠬᠤᠳᠠ ᠳᠤ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ᠳᠤ ᠬᠤᠪᠢᠶᠠᠨ | ᠰᠠᠯᠭᠠᠵᠤ ᠥᠭᠬᠦ ᠲᠥᠪ ᠲᠠᠢ᠂ ᠰᠢᠶᠠᠩ ᠪᠠᠯᠭᠠᠰᠤᠨ ᠳᠤ ᠰᠦᠯᠵᠢᠶᠡᠨ ᠤ ᠴᠢᠭ᠋ ᠲᠠᠢ᠂ ᠭᠠᠴᠠᠭ᠎ᠠ ᠪᠣᠯᠭᠠᠨ ᠳᠤ | ᠲᠦᠷᠭᠡᠨ ᠬᠦᠷᠭᠡᠯᠲᠡ ᠨᠡᠪᠲᠡᠷᠡᠭᠰᠡᠨ︾ ᠰᠦᠯᠵᠢᠶᠡᠨ ᠤ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ | ᠪᠡᠶᠡᠯᠡᠭᠦᠯᠬᠦ ᠪᠣᠯᠣᠨ᠎ᠠ᠃ ᠲᠦᠷᠭᠡᠨ ᠬᠦᠷᠭᠡᠯᠲᠡ ᠶᠢᠨ ᠠᠵᠢᠯ ᠤᠨ ᠬᠡᠮᠵᠢᠶ᠎ᠡ ᠶᠢ 2 ᠳ᠋ᠥᠡᠭᠰᠢᠭᠤᠷ ᠵᠦᠢᠯ ᠳᠤ | ᠬᠦᠷᠦᠭᠦᠯᠵᠦ᠂ ᠲᠤᠬᠠᠶᠢᠯᠠᠭᠰᠠᠨ ᠠᠵᠢᠯ ᠤᠨ ᠣᠷᠣᠯᠭ᠎ᠠ ᠶᠢ 36 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ | ᠵᠢᠯ ᠤᠨ ᠦᠢᠯᠡᠴᠢᠯᠡᠭᠡᠨ ᠤ ᠬᠡᠮᠵᠢᠶ᠎ᠡ ᠶᠢ 10 ᠳ᠋ᠦᠩᠰᠢᠭᠤᠷ ᠬᠥᠮᠦᠨ ᠤᠳᠠᠭ᠎ᠠ ᠳᠤ ᠬᠦᠷᠦᠭᠦᠯᠵᠦ᠂ ᠠᠵᠢᠯ ᠣᠯᠭᠤᠬᠤ | ᠠᠵᠢᠯ ᠤᠨ ᠪᠠᠶᠢᠷᠢ ᠶᠢ ᠨᠡᠶᠢᠲᠡ 2 ᠲᠥᠮᠡ ᠨᠡᠮᠡᠭᠳᠡᠭᠦᠯᠬᠦ ᠪᠣᠯᠣᠨ᠎ᠠ᠃ ᠡᠭᠦᠨ ᠤ ᠬᠠᠮᠲᠤ ᠲᠦᠷᠭᠡᠨ ᠬᠦᠷᠭᠡᠯᠲᠡ ᠶᠢᠨ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ ᠪᠣᠵᠠᠭᠠᠶᠢᠷᠠᠭᠤᠯᠬᠤ᠂ ︽ᠢᠨᠲ᠋ᠧᠷ ᠰᠦᠯᠵᠢᠶ᠎ᠡ +︾ | ᠲᠦᠷᠭᠡᠨ ᠬᠦᠷᠭᠡᠯᠲᠡ ᠶᠢ ᠬᠠᠮᠵᠢᠯᠴᠠᠨ ᠲᠦᠯᠬᠢᠨ ᠠᠬᠢᠭᠤᠯᠬᠤ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ | ᠰᠦᠯᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠲᠦᠷᠭᠡᠨ ᠬᠦᠷᠭᠡᠯᠲᠡ ᠶᠢᠨ ᠦᠢᠯᠡᠰ ᠤᠨ ᠮᠡᠳᠡᠭᠡ | ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠬᠤ᠂ ᠲᠦᠷᠭᠡᠨ ᠬᠦᠷᠭᠡᠯᠲᠡ ᠶᠢᠨ ᠦᠢᠯᠡᠰ ᠤᠨ | ᠪᠠᠷᠢᠮᠵᠢᠶᠠᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠲᠦᠷᠭᠡᠨ ᠬᠦᠷᠭᠡᠯᠲᠡ ᠶᠢᠨ ᠦᠢᠯᠡᠰ ᠬᠢᠭᠡᠳ | ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠠᠭᠤᠰᠤᠯᠴᠠᠭᠤᠯᠬᠤ ᠪᠠ ᠬᠢᠨᠠᠨ ᠬᠠᠮᠢᠶᠠᠷᠬᠤ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ 7 ᠵᠦᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ |