ᠥᠪᠥᠷ ᠮᠣᠩᠭᠤᠯ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠠᠵᠢᠯ ᠤᠨ ᠬᠡᠷᠡᠭᠯᠡᠭᠡᠨ ᠤ ᠭᠠᠵᠠᠷ ᠤᠨ ᠵᠢᠷᠤᠭ ᠢ ᠲᠤᠰᠢᠶᠠᠨ ᠥᠭᠴᠦ ᠬᠡᠷᠡᠭᠯᠡᠭᠦᠯᠪᠡ
ᠨᠡᠶᠢᠲᠡᠯᠡᠭᠰᠡᠨ ᠴᠠᠭ᠄
2016/5/24
      ᠮᠠᠨ ᠤ ᠣᠷᠣᠨ ᠤ ᠨᠠᠶᠢᠷᠠᠭᠤᠯᠤᠭᠰᠠᠨ ᠵᠠᠰᠠᠭ ᠵᠠᠬᠢᠷᠭᠠᠨ ᠤ ᠬᠤᠪᠢᠶᠠᠷᠢᠯᠠᠯ ᠪᠠ ᠭᠠᠵᠠᠷ ᠵᠦᠢ ᠶᠢᠨ ᠨᠢᠭᠡᠴᠢ ᠪᠠᠷ ᠬᠠᠮᠤᠭ ᠤᠨ ᠨᠠᠷᠢᠯᠢᠭ ᠭᠠᠵᠠᠷ ᠤᠨ ᠵᠢᠷᠤᠭ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠠᠵᠢᠯ ᠤᠨ ᠬᠡᠷᠡᠭᠯᠡᠭᠡᠨ ᠤ ᠭᠠᠵᠠᠷ ᠤᠨ ᠵᠢᠷᠤᠭ ︵ᠬᠤᠰᠢᠭᠤ ᠰᠢᠶᠠᠨ ᠤ ᠵᠢᠷᠤᠭ︶ ᠣᠳᠣᠬᠠᠨ ᠳᠤ ᠪᠦᠬᠦᠨ ᠢ ᠬᠡᠪᠯᠡᠵᠦ ᠳᠠᠭᠤᠰᠬᠠᠭᠰᠠᠨ ᠪᠥᠭᠡᠳ ᠲᠤᠰᠢᠶᠠᠨ ᠥᠭᠴᠦ ᠬᠡᠷᠡᠭᠯᠡᠭᠦᠯᠪᠡ᠃ ᠡᠯ᠎ᠡ ᠱᠠᠲᠤᠨ ᠤ ᠨᠠᠮ ᠵᠠᠰᠠᠭ ᠤᠨ ᠰᠠᠯᠠᠭ᠎ᠠ ᠮᠥᠴᠢᠷ ᠂ ᠰᠢᠶᠠᠩ ᠪᠠᠯᠭᠠᠰᠤ ᠭᠠᠴᠠᠭ᠎ᠠ ᠶᠢᠨ ᠺᠠᠳ᠋ᠷ ᠤᠯᠠᠨ ᠲᠦᠮᠡᠨ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠰᠢᠭᠤᠳ ᠡᠵᠡᠮᠰᠢᠬᠦ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠳᠤ ᠲᠦᠬᠦᠮ ᠦᠵᠡᠭᠦᠯᠬᠦ᠂ ᠪᠠᠷᠢᠯᠭ᠎ᠠ ᠶᠢᠨ ᠠᠵᠢᠯ ᠢ ᠶᠠᠪᠤᠭᠳᠠᠭᠤᠯᠬᠤ ᠤᠨ ᠬᠡᠷᠡᠭᠵᠢᠭᠦᠯᠦᠯᠲᠡ᠂ ᠰᠡᠭᠦᠯᠴᠢ ᠶᠢᠨ ᠬᠠᠮᠢᠶᠠᠷᠤᠯᠲᠠ ᠳᠤ ᠡᠯᠪᠡᠭ ᠪᠠᠶᠠᠯᠢᠭ ᠭᠠᠵᠠᠷ ᠵᠦᠢ ᠶᠢᠨ ᠳ᠋ᠠᠶᠢᠲ᠋ᠠ ᠶᠢᠨ ᠲᠦᠰᠢᠭ ᠲᠤᠯᠭᠠᠭᠤᠷᠢ ᠬᠠᠩᠭᠠᠬᠤ᠂ ᠭᠠᠵᠠᠷ ᠣᠷᠣᠨ ᠤ ᠢᠷᠡᠭᠡᠳᠦᠶ ᠶᠢᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠳᠤ ᠬᠡᠮᠵᠢᠨ ᠵᠢᠷᠤᠬᠤ ᠦᠢᠯᠡᠴᠢᠯᠡᠭᠡ ᠬᠠᠩᠭᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠬᠤ ᠭᠠᠵᠠᠷ ᠵᠦᠢ ᠮᠡᠳᠡᠭᠡ ᠵᠠᠩᠭᠢ ᠶᠢᠨ ᠲᠣᠪᠴᠢᠶ᠎ᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ 2015 ᠣᠨ ᠤ ᠵᠢᠯ ᠤᠨ ᠡᠴᠦᠰ ᠠᠴᠠ ᠡᠬᠢᠯᠡᠨ ᠵᠢᠷᠤᠭ ᠨᠠᠶᠢᠷᠠᠭᠤᠯᠬᠤ ᠲᠥᠷᠥᠯ ᠵᠦᠢᠯ ᠢ ᠡᠬᠢᠯᠡᠭᠦᠯᠵᠦ᠂ 2016 ᠣᠨ ᠤ 3 ᠳ᠋ᠤᠭᠠᠷ ᠰᠠᠷ᠎ᠠ ᠶᠢᠨ ᠰᠡᠭᠦᠯᠴᠢ ᠳᠤ ᠪᠡᠶᠡᠯᠡᠭᠦᠯᠦᠭᠡᠳ᠂  102 ᠬᠤᠰᠢᠭᠤ ᠰᠢᠶᠠᠨ ︵ᠬᠤᠳᠠ᠂ ᠲᠣᠭᠤᠷᠢᠭ︶᠎ ᠤ ᠨᠡᠶᠢᠳᠡ 89 ᠭᠠᠵᠠᠷ ᠤᠨ ᠵᠢᠷᠤᠭ ᠢ ᠨᠠᠶᠢᠷᠠᠭᠤᠯᠤᠨ ᠵᠣᠬᠢᠶᠠᠵᠤ ᠳᠠᠭᠤᠰᠪᠠ᠃      ᠠᠵᠢᠯ ᠤᠨ ᠬᠡᠷᠡᠭᠯᠡᠭᠡᠨ ᠤ ᠭᠠᠵᠠᠷ ᠤᠨ ᠵᠢᠷᠤᠭ ᠤᠨ ᠴᠢᠬᠤᠯᠠ ᠡᠯᠧᠮᠧᠨ᠋ᠲ ᠨᠢ ᠪᠦᠷᠢᠨ᠂ ᠭᠤᠣᠯ ᠰᠡᠳᠦᠪ ᠨᠢ ᠳᠣᠪᠤᠶᠢᠮ᠎ᠠ᠂ ᠬᠡᠷᠡᠭᠯᠡᠬᠦ ᠳᠤ ᠳᠥᠭᠦᠮ ᠪᠣᠯᠣᠨ᠎ᠠ᠃ ᠲᠤᠰ ᠵᠢᠷᠤᠭ ᠢ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢᠶᠠᠷ ᠨᠠᠶᠢᠷᠠᠭᠤᠯᠬᠤ ᠨᠢᠭᠡᠴᠢ ᠪᠣᠯᠭᠠᠨ᠂ ᠪᠦᠬᠦ ᠣᠷᠣᠨ ᠤ ᠡᠯ᠎ᠡ ᠰᠤᠮᠤ ᠪᠠᠯᠭᠠᠰᠤ ᠭᠠᠴᠠᠭ᠎ᠠ᠂ ᠮᠠᠯᠵᠢᠯ ᠤᠨ ᠴᠢᠭ᠋᠂ ᠲᠠᠷᠢᠶᠠᠯᠠᠩ ᠤᠢ ᠰᠢᠭᠤᠶ ᠤᠰᠤ ᠵᠢᠭᠠᠰᠤ ᠵᠡᠷᠭᠡ ᠨᠢᠭᠡᠴᠡ ᠵᠢᠴᠢ ᠵᠠᠮ᠂ ᠤᠰᠤᠨ ᠰᠢᠰᠲ᠋ᠧᠮ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠵᠡᠷᠭᠡ ᠴᠢᠬᠤᠯᠠ ᠡᠯᠧᠮᠧᠨ᠋ᠲ ᠢ ᠨᠠᠷᠢᠨ ᠳᠡᠯᠭᠡᠨ ᠦᠵᠡᠭᠦᠯᠵᠦ᠂ ᠪᠦᠬᠦ ᠣᠷᠣᠨ ᠤ 102 ᠬᠤᠰᠢᠭᠤ ᠰᠢᠶᠠᠨ ︵ᠬᠤᠳᠠ᠂ ᠲᠣᠭᠤᠷᠢᠭ︶᠂ 1000 ᠭᠠᠷᠤᠶ ᠰᠢᠶᠠᠩ ᠪᠠᠯᠭᠠᠰᠤ ︵ᠰᠤᠮᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ 11000 ᠭᠠᠷᠤᠶ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ᠂ ᠰᠠᠭᠤᠭᠠᠯᠢ ᠠᠷᠠᠳ ᠤᠨ ᠵᠥᠪᠯᠡᠯ︶᠂ 5 ᠲᠦᠮᠡᠨ ᠰᠢᠬᠠᠮ ᠠᠶᠢᠯ ᠲᠣᠰᠬᠤᠨ᠂ 1 ᠲᠦᠮᠡ ᠭᠠᠷᠤᠶ ᠮᠠᠯᠵᠢᠯ ᠤᠨ ᠴᠢᠭ᠋᠂ 200 ᠭᠠᠷᠤᠶ ᠲᠠᠷᠢᠶᠠᠯᠠᠩ ᠤᠢ ᠰᠢᠭᠤᠶ ᠮᠠᠯ ᠠᠵᠤ ᠠᠬᠤᠢ ᠵᠢᠭᠠᠰᠤᠨ ᠲᠡᠯᠡᠪᠡᠢ ᠶᠢ ᠲᠣᠳᠣᠷᠬᠠᠶ ᠳᠡᠯᠭᠡᠨ ᠦᠵᠡᠭᠦᠯᠵᠦ᠂ ᠪᠦᠬᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠰᠠᠯᠠᠭ᠎ᠠ ᠮᠥᠴᠢᠷ ᠤᠳ ᠬᠤᠰᠢᠭᠤ ᠰᠢᠶᠠᠨ ᠲᠣᠭᠤᠷᠢᠭ ᠤᠨ ᠭᠠᠵᠠᠷ ᠵᠦᠢ ᠶᠢᠨ ᠲᠦᠢᠮᠣ ᠪᠠᠶᠢᠳᠠᠯ ᠢ ᠰᠢᠭᠤᠳ ᠣᠶᠢᠯᠠᠭᠠᠵᠤ᠂ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠬᠤ ᠳᠤ ᠨᠠᠷᠢᠨ ᠪᠣᠳᠠᠲᠠᠶ᠂ ᠰᠢᠭᠤᠳ ᠠᠵᠢᠭᠯᠠᠯᠲᠠ ᠶᠢᠨ ᠭᠠᠵᠠᠷ ᠤᠨ ᠵᠢᠷᠤᠭ ᠤᠨ ᠦᠢᠯᠡᠴᠢᠯᠡᠭᠡ ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号