ᠵᠦᠪᠰᠢᠶᠡᠷᠡᠯ ᠦᠭᠡᠢ ᠪᠠᠷ ᠪᠠᠶᠢᠭᠤᠯᠤᠭᠰᠠᠨ ᠥᠪᠥᠷ ᠮᠣᠩᠭᠤᠯ ᠤᠨ ᠬᠤᠶᠠᠷ ᠠᠶᠢᠮᠠᠭ ᠬᠤᠳᠠ ᠶᠢᠨ14 ᠨᠡᠭᠦᠷᠡᠰᠦᠨ ᠠᠭᠤᠷᠬᠠᠶ ᠶᠢᠨ ᠪᠠᠷᠢᠯᠭ᠎ᠠ ᠪᠠ ᠦᠢᠯᠡᠳᠪᠦᠷᠢᠯᠡᠯ ᠢ ᠵᠤᠭᠰᠤᠭᠠᠪᠠ
ᠨᠡᠶᠢᠲᠡᠯᠡᠭᠰᠡᠨ ᠴᠠᠭ᠄
2016/5/24
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠣᠯᠣᠳ ᠲᠡᠮᠦᠷ ᠨᠡᠭᠦᠷᠡᠰᠦᠨ ᠤ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠭᠡᠵᠦ ᠬᠦᠴᠢᠷᠳᠡᠯ ᠠᠴᠠ ᠠᠩᠭᠢᠵᠢᠷᠠᠭᠤᠯᠤᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠶ ᠰᠢᠪᠠᠳᠠᠨ ᠪᠠᠶᠢᠴᠠᠭᠠᠬᠤ ᠳᠤᠭᠤᠶᠢᠯᠠᠩ᠂ ᠤᠷᠳᠦᠰ ᠬᠤᠳᠠ ᠪᠣᠯᠤᠨ ᠰᠢᠯᠢ ᠶᠢᠨ ᠭᠤᠣᠯ ᠠᠶᠢᠮᠠᠭ ᠤᠨ ᠬᠢᠯᠢ ᠳᠤᠲᠤᠷᠠᠬᠢ ᠵᠦᠪᠰᠢᠶᠡᠷᠡᠯ ᠦᠭᠡᠢ ᠪᠠᠷ ᠪᠠᠶᠢᠭᠤᠯᠤᠭᠰᠠᠨ ᠨᠡᠭᠦᠷᠡᠰᠦᠨ ᠠᠭᠤᠷᠬᠠᠶ ᠶᠢᠨ ᠪᠠᠷᠢᠯᠭ᠎ᠠ ᠪᠠ ᠦᠢᠯᠡᠳᠪᠦᠷᠢᠯᠡᠯ ᠢ ᠵᠣᠭᠰᠣᠭᠠᠬᠤ ᠲᠤᠰᠬᠠᠶ ᠰᠢᠪᠠᠳᠠᠨ ᠪᠠᠶᠢᠴᠠᠭᠠᠯᠲᠠ ᠬᠢᠵᠦ᠂ ᠬᠤᠶᠠᠷ ᠠᠶᠢᠮᠠᠭ ᠬᠤᠳᠠ ᠶᠢᠨ 14 ᠨᠡᠭᠦᠷᠡᠰᠦᠨ ᠠᠭᠤᠷᠬᠠᠶ ᠶᠢᠨ ᠪᠠᠷᠢᠯᠭ᠎ᠠ ᠪᠠ ᠦᠢᠯᠡᠳᠪᠦᠷᠢᠯᠡᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠵᠤᠭᠰᠤᠭᠠᠪᠠ᠃      ᠡᠨᠡ ᠤᠳᠠᠭᠠᠨ ᠤ ᠰᠢᠪᠠᠳᠠᠨ ᠪᠠᠶᠢᠴᠠᠭᠠᠭᠰᠠᠨ ᠡᠨᠡ ᠬᠤᠶᠠᠷ ᠠᠶᠢᠮᠠᠭ ᠬᠤᠲᠠ ᠶᠢᠨ ᠵᠦᠪᠰᠢᠶᠡᠷᠡᠯ ᠦᠭᠡᠢ ᠪᠠᠷ ᠪᠠᠶᠢᠭᠤᠯᠤᠭᠰᠠᠨ ᠨᠡᠭᠦᠷᠡᠰᠦᠨ ᠠᠭᠤᠷᠬᠠᠶ ᠲᠣᠰᠪᠣᠷᠢ 7 ᠪᠠᠶᠢᠨ᠎ᠠ᠃ ᠳᠠᠷᠤᠢ᠂ ᠤᠷᠳᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠰᠢᠷ᠎ᠠ ᠤᠰᠤᠨ ᠨᠡᠭᠦᠷᠡᠰᠦᠨ ᠠᠭᠤᠷᠬᠠᠶ᠂ ᠦᠦᠰᠢᠨ ᠬᠤᠰᠢᠭᠤᠨ ᠤ ᠮᠤᠳᠤᠨ ᠴᠠᠶᠢᠳᠠᠮ ᠨᠡᠭᠦᠷᠡᠰᠦᠨ ᠠᠭᠤᠷᠬᠠᠶ᠂ ᠶᠢᠩ ᠫᠠᠨ ᠬᠤᠤ ᠨᠡᠭᠦᠷᠡᠰᠦᠨ ᠠᠭᠤᠷᠬᠠᠶ᠂ ᠨᠠᠷᠢᠨ ᠭᠤᠣᠯ ᠤᠨ ᠬᠤᠶᠠᠳᠤᠭᠠᠷ ᠠᠭᠤᠷᠬᠠᠶ᠂ ᠤᠳᠤᠭ ᠤᠨ ᠡᠮᠦᠨᠡᠲᠦ ᠬᠤᠰᠢᠭᠤᠨ ᠤ ᠴᠠᠩ ᠴᠧᠩ ᠭᠤᠷᠪᠠᠳᠤᠭᠠᠷ᠂ ᠲᠠᠪᠤᠳᠤᠭᠠᠷ ᠪᠠ ᠵᠢᠷᠭᠤᠳᠤᠭᠠᠷ ᠨᠡᠭᠦᠷᠡᠰᠦᠨ ᠠᠭᠤᠷᠬᠠᠶ︔ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠶᠢᠨ ᠢᠯᠠᠯᠲᠠ ᠶᠢᠨ ᠪᠠᠷᠠᠭᠤᠨ ᠲᠠᠯ᠎ᠠ ᠶᠢᠨ ᠬᠤᠶᠠᠳᠤᠭᠠᠷ ᠵᠠᠳᠠᠭᠠᠶ ᠨᠡᠭᠦᠷᠡᠰᠦᠨ ᠠᠭᠤᠷᠬᠠᠶ ᠪᠠ ᠢᠯᠠᠯᠲᠠ ᠶᠢᠨ ᠪᠠᠷᠠᠭᠤᠨ ᠲᠠᠯ᠎ᠠ ᠶᠢᠨ ᠭᠤᠷᠪᠠᠳᠤᠭᠠᠷ ᠵᠠᠳᠠᠭᠠᠶ ᠨᠡᠭᠦᠷᠡᠰᠦᠨ ᠠᠭᠤᠷᠬᠠᠶ᠂ ᠰᠥᠨᠢᠳ ᠵᠡᠭᠦᠨ ᠬᠤᠰᠢᠭᠤᠨ ᠤ ᠳᠤᠮᠳᠠᠳᠤ ᠤᠯᠤᠰ ᠤᠨ ᠲᠡᠮᠦᠷ ᠵᠠᠮ ᠤᠨ ᠡᠬᠢ ᠪᠠᠶᠠᠯᠢᠭ ᠤᠨ ᠮᠠᠩᠯᠠᠶ ᠨᠡᠭᠦᠷᠡᠰᠦᠨ ᠠᠭᠤᠷᠬᠠᠶ᠂ ᠤᠯᠠᠭᠠᠶ ᠬᠠᠮᠢᠶᠠᠷᠤᠯᠲᠠ ᠶᠢᠨ ᠣᠷᠣᠨ ᠤ ᠬᠡᠰᠡᠭ ᠠᠭᠤᠯᠠ ᠶᠢᠨ ᠡᠮᠦᠨᠡᠬᠢ ᠵᠠᠳᠠᠭᠠᠶ ᠠᠭᠤᠷᠬᠠᠶ ᠪᠠ ᠨᠦᠩᠨᠠᠢ ᠶᠢᠨ ᠰᠦᠮ᠎ᠡ ᠶᠢᠨ ᠨᠡᠭᠦᠷᠡᠰᠦᠨ ᠠᠭᠤᠷᠬᠠᠶ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨ ᠬᠤᠸᠠ ᠳᠦᠷᠪᠡᠳᠦᠭᠡᠷ ᠨᠡᠭᠦᠷᠡᠰᠦᠨ ᠠᠭᠤᠷᠬᠠᠶ ᠪᠣᠯᠤᠨ ᠬᠤᠸᠠ ᠷᠦᠨ ᠤ ᠲᠠᠪᠤᠨ ᠪᠠᠶᠢᠰᠢᠩ ᠤᠨ ᠪᠠᠷᠠᠭᠤᠨ ᠲᠠᠯ᠎ᠠ ᠶᠢᠨ ᠨᠢᠭᠡᠳᠦᠭᠡᠷ ᠨᠡᠭᠦᠷᠡᠰᠦᠨ ᠠᠭᠤᠷᠬᠠᠶ ᠵᠡᠷᠭᠡ ᠪᠤᠯᠤᠨ᠎ᠠ᠃      ᠰᠢᠪᠠᠳᠠᠨ ᠪᠠᠶᠢᠴᠠᠭᠠᠬᠤ ᠳᠤᠭᠤᠶᠢᠯᠠᠩ ᠢᠯᠭᠠᠷᠠᠭᠤᠯᠤᠨ ᠳᠢᠭᠯᠡᠬᠦ ᠬᠡᠪᠴᠢᠶ᠎ᠡ ᠪᠠ ᠪᠠᠶᠢᠴᠠᠭᠠᠬᠤ ᠠᠭᠤᠯᠭ᠎ᠠ ᠴᠢᠩᠭ᠎ᠠ ᠵᠢᠷᠤᠮᠯᠠᠨ᠂ ᠬᠤᠷᠠᠯ ᠤᠨ ᠲᠡᠮᠳᠡᠭᠯᠡᠯ᠂ ᠮᠡᠳᠡᠭᠳᠡᠯ᠂ ᠪᠢᠴᠢᠭ ᠮᠠᠲ᠋ᠧᠷᠢᠶᠠᠯ᠂ ᠡᠬᠡ ᠳᠠᠩᠰᠠ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠪᠠ᠃ ᠣᠳᠣᠬᠠᠨ ᠳᠤ᠂ ᠬᠤᠶᠠᠷ ᠠᠶᠢᠮᠠᠭ ᠬᠤᠳᠠ ᠶᠢᠨ ᠵᠠᠰᠠᠭ ᠤᠨ ᠣᠷᠳᠣᠨ ᠵᠢᠴᠢ ᠨᠡᠭᠦᠷᠡᠰᠦᠨ ᠠᠭᠤᠷᠬᠠᠶ ᠶᠢᠨ ᠬᠠᠷᠢᠶ᠎ᠠ ᠤᠷᠤᠨ ᠤ ᠬᠤᠰᠢᠭᠤ ᠨᠤᠲᠤᠭ ᠤᠨ ᠵᠠᠰᠠᠭ ᠤᠨ ᠣᠷᠳᠣᠨ ᠬᠠᠤᠯᠢ ᠲᠤᠭᠲᠠᠭᠠᠯ ᠠᠴᠠ ᠵᠦᠷᠢᠴᠡᠭᠰᠡᠨ ᠡᠳᠡᠭᠡᠷ ᠨᠡᠭᠦᠷᠡᠰᠦᠨ ᠠᠭᠤᠷᠬᠠᠶ ᠶᠢᠨ ᠪᠠᠷᠢᠯᠭ᠎ᠠ ᠪᠠ ᠦᠢᠯᠡᠳᠪᠦᠷᠢᠯᠡᠯ ᠢ ᠵᠣᠭᠰᠣᠭᠠᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠵᠦᠪᠰᠢᠶᠡᠷᠡᠯ ᠦᠭᠡᠢ ᠪᠠᠷ ᠪᠠᠶᠢᠭᠤᠯᠤᠭᠰᠠᠨ ᠨᠡᠭᠦᠷᠡᠰᠦᠨ ᠠᠭᠤᠷᠬᠠᠶ ᠶᠢᠨ ᠪᠠᠷᠢᠯᠭ᠎ᠠ ᠪᠠ ᠦᠢᠯᠡᠳᠪᠦᠷᠢᠯᠡᠯ ᠢ ᠵᠣᠭᠰᠣᠭᠠᠬᠤ ᠠᠮᠠᠯᠠᠯᠲᠠ ᠶᠢᠨ ᠪᠢᠴᠢᠭ ᠢ ᠱᠡᠳᠦ ᠱᠡᠳᠦ ᠪᠠᠷ ᠲᠤᠭᠲᠠᠭᠠᠵᠤ᠂ ᠠᠭᠤᠷᠬᠠᠢ ᠪᠠᠷ ᠳᠠᠭᠠᠭᠠᠴᠢᠯᠠᠬᠤ᠂ ᠬᠡᠰᠡᠭ ᠢᠶᠠᠷ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠨᠢᠭᠡᠨᠲᠡ ᠨᠠᠶᠢᠳᠠᠪᠤᠷᠢᠵᠢᠭᠤᠯᠪᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠵᠢᠯ ᠤᠨ ᠬᠡᠷᠡᠭᠯᠡᠭᠡᠨ ᠤ ᠪᠤᠳᠠᠰ ᠤᠨ ᠬᠠᠩᠭᠠᠯᠭ᠎ᠠ ᠶᠢ ᠨᠢᠭᠡᠨᠲᠡ ᠲᠤᠭᠲᠠᠭᠠᠯ ᠶᠤᠰᠤᠭᠠᠷ ᠵᠤᠭᠰᠤᠭᠠᠵᠤ᠂ ᠴᠠᠬᠢᠯᠭᠠᠨ ᠬᠠᠩᠭᠠᠬᠤ ᠠᠵᠤ ᠠᠬᠤᠶᠢᠯᠠᠯ ᠴᠦ ᠦᠢᠯᠡᠳᠪᠦᠷᠢᠯᠡᠯ ᠪᠠᠷᠢᠯᠭ᠎ᠠ ᠳᠤ ᠬᠡᠷᠡᠭᠯᠡᠬᠦ ᠴᠠᠬᠢᠯᠭᠠᠨ ᠢ ᠨᠢᠭᠡᠨᠲᠡ ᠲᠤᠭᠲᠠᠭᠠᠯ ᠶᠤᠰᠤᠭᠠᠷ ᠵᠤᠭᠰᠤᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号