ᠪᠦᠬᠦ ᠣᠷᠣᠨ ᠤ ᠠᠶᠢᠮᠠᠭ ᠬᠤᠲᠠ ᠶᠢᠨ ᠬᠢᠨᠠᠠ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/5/25
     ᠮᠠᠨ ᠤ ᠣᠷᠣᠨ ᠤ ᠨᠡᠶᠢᠲᠡ ᠶᠢᠨ ᠬᠦᠨᠦᠭᠡᠯ ᠦᠭᠡᠢ ᠲᠠᠷᠢᠶᠠᠯᠠᠩ ᠤᠨ ᠪᠦᠲᠦᠬᠡᠭᠳᠡᠬᠦᠨ᠂ ᠪᠣᠬᠢᠷᠲᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠬᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠤᠨ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠶᠢ ᠲᠦᠯᠬᠢᠨ ᠠᠬᠢᠭᠤᠯᠵᠤ᠂ ᠳᠠᠷᠠᠭᠠᠬᠢ ᠱᠠᠲᠤᠨ ᠤ ᠠᠵᠢᠯ ᠢᠶᠠᠨ ᠪᠠᠶᠢᠷᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠬᠢᠨᠠᠨ ᠬᠠᠮᠢᠶᠠᠷᠤᠯᠲᠠ ᠶᠢᠨ ᠲᠥᠪ 5 ᠳ᠋ᠤᠭᠠᠷ ᠰᠠᠷ᠎ᠠ ᠶᠢᠨ 20᠎ ᠤ ᠡᠳᠦᠷ ᠬᠥᠬᠡᠬᠤᠲᠠ ᠳᠤ ᠪᠦᠬᠦ ᠣᠷᠣᠨ ᠤ ᠠᠶᠢᠮᠠᠭ ᠬᠤᠲᠠ ᠶᠢᠨ ᠬᠢᠨᠠᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠢ ᠬᠢᠪᠡ᠃ ᠲᠢᠩᠬᠢᠮ ᠤᠨ ᠳᠡᠳ᠋ ᠳᠠᠷᠤᠭ᠎ᠠ ᠰᠢᠥᠢ ᠶᠡᠡ ᠬᠤᠢ ᠬᠤᠷᠠᠯ ᠳᠤ ᠣᠷᠣᠯᠴᠠᠨ ᠴᠢᠬᠤᠯᠠ ᠶᠠᠷᠢᠶ᠎ᠠ ᠲᠠᠯᠪᠢᠪᠠ᠃ ᠲᠢᠩᠬᠢᠮ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠵᠢᠶᠠᠨ᠂ ᠳᠡᠳ᠋ ᠲᠣᠪᠴᠢᠶᠠᠨ ᠳᠠᠷᠤᠭ᠎ᠠ ᠭᠦ᠋ ᠰᠢᠦᠸᠠᠢ ᠬᠤᠢ᠂ ᠡᠯ᠎ᠡ ᠠᠶᠢᠮᠠᠭ ᠬᠤᠲᠠ᠂ ᠲᠦᠯᠦᠪᠯᠡᠯᠭᠡ ᠳᠤ ᠠᠰᠳᠠᠭᠠᠨ ᠵᠢᠭᠰᠠᠭᠠᠭᠰᠠᠨ ᠬᠤᠳᠠ ᠶᠢᠨ ᠬᠢᠨᠠᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠵᠢᠴᠢ ᠥᠪᠡᠷᠲᠡᠭᠡᠨ ᠵᠠᠰᠠᠬᠤ ᠣᠷᠣᠨ ᠤ ᠬᠢᠨᠠᠨ ᠬᠠᠮᠢᠶᠠᠷᠤᠯᠲᠠ ᠶᠢᠨ ᠲᠥᠪ ᠤᠨ ᠪᠦᠬᠦ ᠠᠵᠢᠯᠲᠠᠳ ᠨᠡᠶᠢᠲᠡ 30 ᠭᠠᠷᠤᠶ ᠬᠥᠮᠦᠨ ᠬᠤᠷᠠᠯ ᠳᠤ ᠣᠷᠤᠯᠴᠠᠪᠠ᠃      ᠲᠢᠩᠬᠢᠮ ᠤᠨ ᠳᠡᠳ᠋ ᠳᠠᠷᠤᠭ᠎ᠠ ᠰᠢᠥᠢ ᠶᠡᠡ ᠬᠤᠢ ᠬᠤᠷᠠᠯ ᠳᠡᠭᠡᠷ᠎ᠡ ᠲᠠᠷᠢᠶᠠᠯᠠᠩ ᠮᠠᠯ ᠠᠵᠤ ᠠᠬᠤᠶ ᠶᠢᠨ ᠰᠢᠯᠭᠠᠨ ᠬᠡᠮᠵᠢᠬᠦ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠬᠦ ᠠᠰᠠᠭᠤᠳᠠᠯ ᠢ ᠭᠤᠣᠯᠳᠠᠯᠭ᠎ᠠ ᠲᠠᠢ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠦ᠂ ᠤᠯᠤᠰ ᠤᠨ ᠪᠢᠴᠢᠭ ᠮᠠᠲ᠋ᠧᠷᠢᠶᠠᠯᠲᠤ ᠲᠦᠷᠦ ᠶᠢᠨ ᠪᠤᠳᠤᠯᠭ᠎ᠠ ᠶᠢᠨ ᠲᠠᠯ᠎ᠠ ᠠᠴᠠ ᠪᠦᠬᠦ ᠤᠯᠤᠰ ᠤᠨ ᠲᠠᠷᠢᠶᠠᠯᠠᠩ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠠᠶᠢᠯᠪᠤᠷᠢᠯᠠᠨ᠂ ᠪᠤᠰᠤᠳ ᠮᠤᠵᠢ ᠬᠤᠲᠠ ᠶᠢᠨ ᠡᠮᠬᠢᠯᠡᠨ ᠨᠡᠶᠢᠯᠡᠭᠦᠯᠦᠭᠰᠡᠨ ᠲᠤᠷᠰᠢᠯᠭ᠎ᠠ ᠶᠢᠨ ᠲᠠᠯ᠎ᠠ ᠠᠴᠠ ᠡᠮᠬᠢᠯᠡᠨ ᠨᠡᠶᠢᠯᠡᠭᠦᠯᠬᠦ ᠶᠢᠨ ᠠᠰᠢᠭ ᠬᠤᠣᠷ ᠢ ᠲᠠᠶᠢᠯᠪᠤᠷᠢᠯᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠠᠴᠠ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠡᠭᠦᠷᠭᠡᠯᠡᠵᠦ ᠪᠠᠶᠢᠭ᠎ᠠ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠭᠰᠠᠨ ᠤ ᠬᠠᠮᠲᠤ ᠡᠯ᠎ᠡ ᠠᠶᠢᠮᠠᠭ ᠬᠤᠲᠠ ᠶᠢᠨ ᠬᠢᠨᠠᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢᠳ ᠲᠤ ᠬᠢᠨᠠᠮᠠᠭᠠᠶ ᠤᠶᠢᠯᠭᠠᠵᠤ᠂ ᠪᠠᠶᠢᠳᠠᠯ ᠢᠶᠠᠨ ᠴᠠᠭ ᠲᠤᠬᠠᠶ ᠳᠤᠨᠢ ᠣᠷᠣᠨ ᠨᠤᠲᠤᠭ ᠤᠨ ᠭᠤᠣᠯ ᠤᠳᠤᠷᠢᠳᠤᠯᠭ᠎ᠠ ᠳᠤ ᠳᠠᠮᠵᠢᠭᠤᠯᠬᠤ ᠶᠢ ᠵᠠᠬᠢᠪᠠ᠃       ᠬᠤᠷᠠᠯ ᠳᠡᠭᠡᠷ᠎ᠡ᠂ ᠪᠤᠭᠤᠲᠤ ᠬᠤᠳᠠ᠂ ᠤᠯᠠᠭᠠᠨᠴᠠᠪ ᠬᠤᠳᠠ ᠶᠢᠨ ᠬᠢᠨᠠᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠲᠤᠰ ᠲᠤᠰ ᠨᠡᠶᠢᠲᠡᠯᠢᠭ ᠴᠢᠨᠠᠷ ᠲᠠᠢ ᠶᠠᠷᠢᠶ᠎ᠠ ᠲᠠᠯᠪᠢᠵᠤ᠂ ᠪᠤᠰᠤᠳ ᠠᠶᠢᠮᠠᠭ ᠬᠤᠲᠠ ᠶᠢᠨ ᠡᠷᠬᠢᠯᠡᠭᠴᠢ ᠨᠠᠷ ᠴᠦ ᠪᠠᠰᠠ ᠬᠤᠷᠠᠯ ᠳᠤ ᠣᠷᠤᠯᠴᠠᠭᠰᠠᠳ ᠲᠠᠢ ᠠᠵᠢᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠪᠠ᠃ ᠬᠢᠨᠠᠨ ᠬᠠᠮᠢᠶᠠᠷᠤᠯᠲᠠ ᠶᠢᠨ ᠲᠥᠪ ᠤᠨ ᠳᠡᠳ᠋ ᠪᠠᠶᠢᠴᠠᠭᠠᠨ ᠰᠤᠳᠤᠯᠤᠭᠴᠢ ᠪᠤᠯᠠᠭ ︽ᠭᠤᠷᠪᠠᠨ ᠲᠦᠷᠦᠯ ᠲᠡᠮᠳᠡᠭᠲᠦ ᠨᠢᠭᠡ ᠲᠡᠮᠳᠡᠭ︾᠎ ᠤᠨ ᠬᠥᠭᠵᠢᠯᠲᠡ ᠶᠢᠨ ᠬᠠᠷᠠᠯᠲᠠ ᠪᠠ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠶ ᠢᠳᠡᠭᠡᠨ ᠤ ᠳᠡᠯᠭᠡᠨ ᠦᠵᠡᠭᠦᠯᠦᠯᠭᠡ ᠶᠢ ᠪᠡᠯᠡᠳᠬᠡᠭᠰᠡᠨ ᠪᠠᠶᠢᠳᠠᠯ ᠢ ᠲᠠᠨᠢᠯᠴᠠᠭᠤᠯᠪᠠ᠃      ᠡᠷᠬᠢᠯᠡᠭᠴᠢ ᠯᠢ ᠶᠡᠡ ᠬᠠᠮᠤᠭ ᠰᠡᠭᠦᠯ ᠳᠤ ᠴᠢᠬᠤᠯᠠᠴᠢᠯᠠᠭᠰᠠᠨ ᠨᠢ᠂ ᠡᠨᠡ ᠵᠢᠯ ᠪᠣᠯ ︽13·5︾᠎ ᠶᠢᠨ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠰᠢᠨ᠎ᠡ ᠪᠠᠶᠢᠳᠠᠯ ᠤᠨ ᠳᠣᠣᠷ᠎ᠠ᠂ ᠪᠦᠬᠦ ᠣᠷᠣᠨ ᠤ ︽ᠭᠤᠷᠪᠠᠨ ᠲᠦᠷᠦᠯ ᠲᠡᠮᠳᠡᠭᠲᠦ ᠨᠢᠭᠡ ᠲᠡᠮᠳᠡᠭ︾᠎ ᠤᠨ ᠠᠵᠢᠯ ᠤᠨ ᠡᠭᠦᠷᠭᠡ ᠬᠠᠲᠠᠭᠤ᠂ ᠬᠠᠷᠢᠭᠤᠴᠠᠯᠭ᠎ᠠ ᠬᠦᠨᠳᠦ ᠪᠠᠶᠢᠨ᠎ᠠ᠂ ᠡᠯ᠎ᠡ ᠭᠠᠵᠠᠷ ᠤᠳ ᠪᠥᠬᠦ ᠣᠷᠣᠨ ᠤ ︽ᠭᠤᠷᠪᠠᠨ ᠲᠦᠷᠦᠯ ᠲᠡᠮᠳᠡᠭᠲᠦ ᠨᠢᠭᠡ ᠲᠡᠮᠳᠡᠭ︾᠎ ᠤᠨ ᠠᠵᠢᠯ ᠢ ᠨᠢᠭᠡ ᠬᠥᠯᠭᠡ ᠰᠢᠳᠡᠷ᠎ᠠ ᠮᠡᠲᠦ ᠦᠵᠡᠬᠦ ᠦᠵᠡᠯ ᠰᠠᠨᠠᠭ᠎ᠠ᠂ ᠳᠣᠷᠤᠶᠢᠲᠠᠪᠠᠴᠤ ᠬᠠᠮᠲᠤ ᠪᠠᠷ ᠳᠡᠭᠵᠢᠷᠡᠪᠡᠴᠦ ᠵᠡᠷᠭᠡ ᠪᠠᠷ ᠭᠡᠬᠦ ᠦᠵᠡᠯᠲᠡ ᠶᠢ ᠪᠤᠢ ᠪᠣᠯᠭᠠᠵᠤ᠂ ᠳᠠᠷᠤᠶᠢᠬᠠᠨ ᠭᠤᠣᠯ ᠤᠳᠤᠷᠢᠳᠤᠯᠭ᠎ᠠ ᠲᠠᠢ ᠪᠠᠨ ᠨᠡᠪᠲᠡᠷᠡᠯᠴᠡᠨ᠂ ᠬᠥᠭᠵᠢᠯᠲᠡ ᠶᠢᠨ ᠡᠭᠦᠷᠭᠡ ᠶᠢ ᠱᠠᠯᠠᠪᠬᠠᠨ ᠪᠠᠶᠢᠷᠢᠯᠠᠭᠤᠯᠵᠤ᠂ ᠰᠡᠳᠬᠢᠬᠦᠶ ᠶᠢᠨ ᠠᠷᠭ᠎ᠠ ᠮᠠᠶ᠋ᠢᠭ᠂ ᠠᠵᠢᠯ ᠤᠨ ᠲᠤᠬᠠᠶ ᠲᠠᠨᠢᠯᠲᠠ ᠶᠢᠨ ᠲᠠᠯ᠎ᠠ ᠪᠠᠷ ᠭᠤᠣᠯᠯᠠᠨ ᠬᠠᠮᠢᠶᠠᠷᠬᠤ ᠨᠢᠭᠡᠴᠡ ᠪᠣᠯᠤᠨ ᠵᠠᠰᠠᠭ ᠤᠨ ᠣᠷᠳᠣᠨ ᠯᠤᠭ᠎ᠠ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠴᠦ᠂ ︽ᠭᠤᠷᠪᠠᠨ ᠲᠦᠷᠦᠯ ᠲᠡᠮᠳᠡᠭᠲᠦ ᠨᠢᠭᠡ ᠲᠡᠮᠳᠡᠭ︾᠎ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠪᠡ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号