ᠲᠠᠷᠢᠶᠠᠯᠠᠩ ᠤᠨ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠢᠨ ᠮᠠᠨ ᠤ ᠣᠷᠣᠨ ᠳᠤ ᠢᠷᠡᠵᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠮᠥᠷᠳᠡᠬᠦ ᠠᠵᠢᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2016/5/25
     5 ᠳ᠋ᠤᠭᠠᠷ ᠰᠠᠷ᠎ᠠ ᠶᠢᠨ 14 — 16᠎ ᠤ ᠡᠳᠦᠷ ᠪᠣᠯᠲᠠᠯ᠎ᠠ᠂ ᠲᠠᠷᠢᠶᠠᠯᠠᠩ ᠤᠨ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠲᠥᠪ ᠤᠨ ᠮᠥᠷᠳᠡᠬᠦ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠵᠠᠩ ᠮᠧᠩ ᠹᠸᠢ᠂ ᠲᠤᠰᠠᠯᠠᠬᠤ ᠰᠤᠳᠤᠯᠤᠭᠴᠢ ᠭᠦᠸᠧ ᠵᠧᠩ ᠵᠡᠷᠭᠡ ᠳᠣᠯᠣᠭᠠᠨ ᠬᠥᠮᠦᠨ ᠮᠠᠨ ᠤ ᠣᠷᠣᠨ ᠳᠤ ᠢᠷᠡᠵᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠮᠥᠷᠳᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      14᠎ ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠥᠷᠳᠡᠬᠦ ᠮᠡᠳᠡᠭᠡ ᠵᠠᠩᠭᠢ ᠶᠢᠨ ᠲᠠᠪᠴᠠᠩ ᠢ ᠲᠣᠭᠤᠷᠢᠨ ᠦᠵᠡᠵᠦ᠂ ᠲᠠᠪᠴᠠᠩ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠮᠥᠷᠳᠡᠬᠦ ᠳᠠᠪᠴᠠᠩ ᠢ ᠲᠣᠪᠴᠢ  ᠲᠠᠨᠢᠯᠴᠠᠭᠤᠯᠤᠭᠰᠠᠨ ᠤ ᠬᠠᠮᠲᠤ ᠮᠥᠷᠳᠡᠬᠦ ᠰᠢᠰᠲ᠋ᠧᠮ ᠤᠨ ᠪᠠᠶᠢᠭᠤᠯᠤᠯᠲᠠ ᠶᠢᠨ ᠬᠠᠮᠢᠶ᠎ᠠ ᠪᠥᠬᠦᠢ ᠠᠰᠠᠭᠤᠳᠠᠯ ᠤᠨ ᠲᠠᠯ᠎ᠠ ᠪᠠᠷ ᠭᠦᠨᠵᠡᠭᠡᠶ ᠶᠠᠷᠢᠯᠴᠠᠪᠠ᠃      15 — 16᠎ ᠤ ᠡᠳᠦᠷ ᠪᠣᠯᠲᠠᠯ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠲᠤᠰᠬᠠᠶᠢᠯᠠᠨ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ ᠶᠢᠨ ᠨᠠᠷᠢᠨ ᠰᠡᠬᠦᠯᠳᠦ ᠬᠤᠨᠢᠨ ᠤ ᠳᠥᠷᠪᠡᠳᠦᠭᠡᠷ ᠨᠣᠮᠧᠷᠲᠤ ᠲᠠᠯᠠᠪᠠᠢ᠂ ᠬᠤᠸᠠ ᠯᠦ᠂ ᠨᠠᠨ ᠰᠢᠩ ᠪᠣᠯᠤᠨ ᠪᠤᠭᠤᠲᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠡᠵᠡᠩᠨᠡᠯᠲᠡ ᠶᠢᠨ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠪᠤᠭᠤᠲᠤ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠣᠨ ᠲᠦᠮᠡᠳ ᠪᠠᠷᠠᠭᠤᠨ ᠬᠤᠰᠢᠭᠤ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠬᠠᠷᠢᠭᠤᠴᠠᠯᠭᠠᠲᠠᠨ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠬᠦ ᠳᠥᠷᠪᠡᠳᠦᠭᠡᠷ ᠳᠡᠰ ᠤᠨ ᠬᠢᠨᠠᠨ ᠬᠠᠮᠢᠶᠠᠷᠬᠤ ᠲᠠᠪᠴᠠᠩ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠣᠳᠣᠬᠢ ᠪᠠᠶᠢᠳᠠᠯ᠂ ᠪᠠᠶᠢᠴᠠᠭᠠᠨ ᠬᠡᠮᠵᠢᠭᠰᠡᠨ ᠮᠡᠳᠡᠭᠡ ᠵᠠᠩᠭᠢ᠂ ᠳ᠋ᠠᠶᠢᠲ᠋ᠠ ᠶᠢᠨ ᠵᠦᠢᠯᠡᠰ ᠢ ᠴᠤᠭᠯᠠᠭᠤᠯᠬᠤ᠂ ᠲᠠᠭᠯᠠᠨ ᠮᠡᠳᠡᠭᠦᠯᠬᠦ᠂ ᠥᠪᠡᠷᠲᠡᠭᠡᠨ ᠵᠠᠰᠠᠬᠤ ᠣᠷᠣᠨ ᠪᠠ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠯᠦᠭᠡ ᠮᠥᠷᠳᠡᠬᠦ ᠮᠡᠳᠡᠭᠡ ᠵᠠᠩᠭᠢ ᠶᠢ ᠵᠣᠯᠭᠠᠭᠤᠯᠬᠤ ᠵᠡᠷᠭᠡ ᠪᠠᠶᠢᠳᠠᠯ ᠤᠨ ᠲᠠᠯ᠎ᠠ ᠪᠠᠷ ᠬᠠᠷᠢᠭᠤ ᠮᠡᠳᠡᠭᠦᠯᠦᠭᠰᠡᠨ ᠪᠠ ᠰᠠᠨᠠᠯ ᠢᠶᠠᠨ ᠰᠣᠯᠢᠯᠴᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠶᠦᠨ ᠶᠠᠨ ᠴᠦᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号