ᠥᠪᠥᠷ ᠮᠣᠩᠭᠤᠯ ᠤᠨ 61 ᠬᠤᠰᠢᠭᠤ ᠰᠢᠶᠠᠨ ᠲᠣᠭᠤᠷᠢᠭ ᠬᠤᠳᠠ ᠶᠢ ᠠᠷᠠᠳ ᠪᠦᠬᠦᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢᠨ ᠲᠤᠷᠰᠢᠯᠲᠠ ᠶᠢᠨ ᠴᠢᠭ᠋ ᠪᠣᠯᠭᠠᠪᠠ
ᠨᠡᠶᠢᠲᠡᠯᠡᠭᠰᠡᠨ ᠴᠠᠭ᠄
2016/5/25
      ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠷᠴᠢᠮᠬᠠᠨ ᠪᠠᠭᠤᠯᠭᠠᠭᠰᠠᠨ ︽ ᠠᠷᠠᠳ ᠨᠡᠶᠢᠲᠡ ᠪᠠᠷ ᠢᠶᠠᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢᠨ ᠲᠤᠷᠰᠢᠯᠲᠠ ᠬᠢᠬᠦ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠎ ᠳᠤ ᠲᠣᠳᠣᠷᠬᠠᠶᠢᠯᠠᠭᠰᠠᠨ ᠨᠢ᠂ ᠮᠠᠨ ᠤ ᠣᠷᠣᠨ ᠤ 61 ᠬᠤᠰᠢᠭᠤ ᠰᠢᠶᠠᠨ ᠲᠣᠭᠤᠷᠢᠭ ᠬᠤᠳᠠ ᠶᠢ ᠠᠷᠠᠳ ᠪᠦᠬᠦᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠪᠣᠯᠭᠠᠬᠤ ᠪᠠᠷ ᠲᠣᠳᠣᠷᠬᠠᠶᠢᠯᠠᠪᠠ᠃ ᠡᠨᠡ ᠬᠦ 61ᠲᠤᠷᠰᠢᠯᠲᠠ ᠶᠢᠨ ᠴᠢᠭ᠋ ᠭᠡᠪᠡᠯ᠄ ᠬᠥᠬᠡᠬᠤᠲᠠ ᠶᠢᠨ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠦᠴᠦᠸᠠᠨ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠰᠢᠨ᠎ᠡ ᠬᠤᠲᠠ ᠲᠣᠭᠤᠷᠢᠭ︔ ᠪᠤᠭᠤᠲᠤ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠪᠠᠶᠠᠨ ᠣᠪᠣᠭ᠎ᠠ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ︔ ᠦᠬᠠᠶ ᠬᠤᠳᠠ ᠶᠢᠨ ᠬᠠᠶᠢᠷᠤᠪ ᠤᠨ ᠲᠣᠬᠤᠶ ᠲᠣᠭᠤᠷᠢᠭ᠂ ᠤᠳᠠ ᠶᠢᠨ ᠲᠣᠭᠤᠷᠢᠭ᠂ ᠬᠠᠶᠢᠨᠠᠨ ᠲᠣᠭᠤᠷᠢᠭ︔ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ᠂ ᠣᠩᠨᠢᠭᠤᠳ ᠬᠤᠰᠢᠭᠤ᠂ ᠯᠢᠨᠰᠢ ᠰᠢᠶᠠᠨ᠂ ᠠᠤᠬᠠᠨ ᠬᠤᠰᠢᠭᠤ︔ ᠬᠥᠯᠥᠨ ᠪᠤᠶᠢᠷ ᠬᠤᠳᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠶᠠᠭᠰᠢ ᠬᠤᠳᠠ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠬᠠᠶᠢᠯᠠᠷ ᠲᠣᠭᠤᠷᠢᠭ᠂ ᠵᠠᠯᠠᠨ ᠠᠶᠢᠯ ᠬᠤᠳᠠ︔ ᠬᠢᠩᠭᠠᠨ ᠠᠶᠢᠮᠠᠭ ᠤᠨ ᠤᠯᠠᠭᠠᠨᠬᠤᠲᠠ᠂ ᠷᠠᠰᠢᠶᠠᠨ ᠬᠤᠳᠠ᠂ ᠲᠦᠴᠢᠦᠸᠠᠨ ᠰᠢᠶᠠᠨ︔ ᠲᠦᠩᠯᠢᠶᠣᠤ ᠬᠤᠲᠠ ᠶᠢᠨ ᠬᠤᠷᠴᠢᠨ ᠲᠣᠭᠤᠷᠢᠭ᠂ ᠺᠠᠶᠢᠯᠦ ᠰᠢᠶᠠᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠨᠠᠢᠮᠠᠨ ᠬᠤᠰᠢᠭᠤ᠂ ᠨᠡᠭᠡᠭᠡᠨ ᠬᠥᠭᠵᠢᠭᠦᠯᠬᠦ ᠣᠷᠣᠨ︔ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ᠂ ᠳᠣᠯᠣᠨ ᠨᠠᠭᠤᠷ ᠰᠢᠶᠠᠨ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠠᠪᠠᠭ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠵᠡᠭᠦᠨ ᠦᠵᠦᠮᠦᠴᠢᠨ᠂ ᠪᠠᠷᠠᠭᠤᠨ ᠦᠵᠦᠮᠦᠴᠢᠨ ᠬᠤᠰᠢᠭᠤ᠂ ᠲᠠᠶᠢᠪᠤᠰᠧ ᠬᠤᠰᠢᠭᠤ︔ ᠤᠯᠠᠭᠠᠨᠴᠠᠪ ᠬᠤᠳᠠ ᠶᠢᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤ᠂ ᠬᠤᠸᠠᠳᠧ ᠰᠢᠶᠠᠨ︔ ᠤᠷᠳᠤᠰ ᠬᠤᠳᠠ ᠶᠢᠨ ᠳ᠋ᠦᠩᠱᠧᠩ ᠲᠣᠭᠤᠷᠢᠭ᠂ ᠵᠡᠭᠦᠨᠭᠠᠷ ᠬᠤᠰᠢᠭᠤ᠂ ᠤᠳᠤᠭ ᠬᠤᠰᠢᠭᠤ᠂ ᠦᠦᠰᠢᠨ ᠬᠤᠰᠢᠭᠤ︔ ᠪᠠᠶᠠᠨᠨᠠᠭᠤᠷ ᠬᠤᠲᠠ ᠶᠢᠨ ᠯᠢᠨᠾ ᠲᠣᠭᠤᠷᠢᠭ᠂ ᠦᠶᠤᠸᠠᠨ ᠰᠢᠶᠠᠨ᠂ ᠤᠷᠠᠳ ᠤᠨ ᠡᠮᠦᠨᠡᠲᠦ ᠬᠤᠰᠢᠭᠤ᠂ ᠬᠠᠩᠭᠢᠨ ᠬᠤᠶᠢᠲᠤ ᠬᠤᠰᠢᠭᠤ︔ ᠠᠯᠠᠱᠠ ᠠᠶᠢᠮᠠᠭ ᠤᠨ ᠡᠵᠡᠨ᠎ᠡ ᠬᠤᠰᠢᠭᠤ︔ ᠮᠠᠨᠵᠤᠤᠷ ᠬᠤᠳᠠ︔ ᠡᠷᠢᠶᠡᠨ ᠬᠤᠳᠠ ᠪᠣᠯᠣᠨ᠎ᠠ᠃      ᠠᠷᠠᠳ ᠪᠦᠬᠦᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢ 2014 ᠣᠨ ᠳᠤ ᠡᠬᠢᠯᠡᠭᠦᠯᠪᠡ᠃ ᠡᠨᠡ ᠤᠳᠠᠭ᠎ᠠ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠶᠠᠮᠤᠨ 50 ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠠᠵᠢᠯ ᠢ ᠨᠢᠭᠡᠨᠲᠡ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠤᠷᠰᠢᠯᠲᠠ ᠬᠢᠬᠦ ᠬᠡᠪᠴᠢᠶ᠎ᠡ ᠪᠠᠨ ᠪᠦᠬᠦ ᠤᠯᠤᠰ ᠤᠨ 50%᠎ ᠠᠴᠠ ᠳᠡᠭᠡᠭᠰᠢᠬᠢ ᠭᠠᠵᠠᠷ ᠣᠷᠣᠨ ᠬᠦᠷᠲᠡᠯ᠎ᠡ ᠥᠷᠭᠡᠳᠬᠡᠵᠦ᠂ ᠪᠤᠢ ᠪᠦᠬᠦᠢ ᠲᠤᠷᠰᠢᠯᠲᠠ ᠶᠢᠨ ᠴᠢᠭ᠋ ᠤᠨ ᠭᠠᠵᠠᠷ ᠣᠷᠣᠨ ᠨᠢ ᠳᠠᠭᠠᠳᠬᠠᠯ ᠳᠤ ᠣᠷᠣᠯᠴᠠᠭᠰᠠᠨ ᠬᠥᠮᠦᠰ ᠤᠨ ᠲᠤᠭ᠎ᠠ ᠪᠠᠷᠢᠮᠲᠠ ᠶᠢ ᠬᠠᠷᠭᠤᠭᠤᠯᠬᠤ ᠪᠠ ᠡᠮᠬᠢᠯᠡᠨ ᠲᠢᠭᠯᠡᠬᠦ ᠠᠵᠢᠯ ᠢ 2016 ᠣᠨ ᠤ ᠵᠢᠯ ᠤᠨ ᠡᠴᠦᠰ ᠠᠴᠠ ᠡᠮᠦᠨ᠎ᠡ ᠳᠠᠭᠤᠰᠬᠠᠬᠤ ᠬᠡᠷᠡᠭᠲᠡᠢ ᠭᠡᠵᠦ ᠱᠠᠭᠠᠷᠳᠠᠵᠠᠢ᠃ ᠡᠭᠦᠨ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠣᠷᠴᠢᠮᠬᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠨᠡᠶᠢᠲᠡ  ᠪᠦᠬᠦᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾᠎ ᠢ ᠬᠠᠮᠲᠤᠷᠠᠨ ᠲᠠᠷᠬᠠᠭᠠᠪᠠ᠂ 2016 ᠪᠣᠯᠬᠤ ᠳᠤ ᠠᠷᠠᠳ ᠪᠦᠬᠦᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢ ᠪᠥᠬᠦ ᠣᠷᠣᠨ ᠤ ᠪᠤᠢ ᠪᠥᠬᠦᠢ ᠬᠤᠰᠢᠭᠤ ᠰᠢᠶᠠᠨ ᠲᠣᠭᠤᠷᠢᠭ ᠬᠤᠲᠠ ᠬᠦᠷᠲᠡᠯ᠎ᠡ ᠥᠷᠭᠡᠳᠬᠡᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠪᠦᠬᠦ ᠠᠵᠢᠯᠲᠠᠨ ᠠᠵᠢᠯᠴᠢᠨ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠢ ᠪᠦᠷ ᠬᠠᠮᠤᠷᠴᠤ᠂ ᠳᠠᠭᠠᠳᠬᠠᠯ ᠳᠤ ᠣᠷᠣᠯᠴᠠᠬᠤ ᠨᠤᠷᠮ᠎ᠠ ᠶᠢ 90%᠎ ᠠᠴᠠ ᠳᠡᠭᠡᠭᠰᠢᠬᠢ ᠳᠤ ᠬᠦᠷᠦᠭᠦᠯᠬᠦ ᠪᠠᠷ ᠱᠠᠭᠠᠷᠳᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号