ᠡᠨᠡ ᠵᠢᠯ ᠤᠨ ᠲᠦᠷᠦᠭᠦᠦ ᠳᠦᠷᠪᠡᠨ ᠰᠠᠷ᠎ᠠ ᠳᠤ ᠥᠪᠥᠷ ᠮᠣᠩᠭᠤᠯ ᠤᠨ ᠲᠠᠸᠠᠷ ᠤᠨ ᠪᠠᠶᠢᠰᠢᠩ ᠤᠨ ᠪᠤᠷᠤᠯᠠᠭᠤᠯᠤᠭ᠎ᠠ ᠬᠤᠶᠠᠷ ᠬᠤᠪᠢ ᠰᠢᠬᠠᠮ ᠨᠡᠮᠡᠭᠳᠡᠪᠡ
ᠨᠡᠶᠢᠲᠡᠯᠡᠭᠰᠡᠨ ᠴᠠᠭ᠄
2016/5/25
     ᠡᠨᠡ ᠵᠢᠯ ᠤᠨ ᠲᠦᠷᠦᠭᠦᠦ ᠳᠦᠷᠪᠡᠨ ᠰᠠᠷ᠎ᠠ ᠳᠤ᠂ ᠥᠪᠥᠷ ᠮᠣᠩᠭᠤᠯ ᠤᠨ ᠲᠠᠸᠠᠷ ᠤᠨ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ ᠨᠢ 203.5 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.4% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 1.3 ᠵᠠᠭᠤᠨ ᠤ ᠴᠡᠭ ᠲᠦᠷᠭᠡᠳᠪᠡ᠃ ᠥᠪᠥᠷ ᠮᠣᠩᠭᠤᠯ ᠤᠨ ᠲᠠᠸᠠᠷ ᠤᠨ ᠪᠠᠶᠢᠰᠢᠩ ᠤᠨ ᠪᠣᠷᠣᠯᠠᠭᠤᠯᠭ᠎ᠠ ᠡᠨᠡ ᠵᠢᠯ ᠤᠨ ᠨᠢᠭᠡᠳᠦᠭᠡᠷ ᠤᠯᠠᠷᠢᠯ ᠳᠤ 2015 ᠣᠨ ᠤ ᠳᠠᠪᠠᠯᠭᠠᠨ ᠤ ᠴᠢᠨᠠᠷ ᠲᠠᠢ ᠪᠠᠭᠤᠷᠠᠯᠲᠠ ᠠᠴᠠ ᠠᠩᠭᠢᠵᠢᠷᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠥᠮᠥᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠭᠡᠯ ᠡᠬᠢᠯᠡᠨ ᠢᠯᠡᠷᠡᠵᠦ᠂ ᠪᠦᠬᠦ ᠣᠷᠣᠨ ᠤ ᠲᠠᠸᠠᠷ ᠤᠨ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ ᠨᠢ 118.25 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.1% ᠨᠡᠮᠡᠭᠳᠡᠵᠦ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠤᠩᠭᠡ ᠶᠢᠨ ᠨᠢᠭᠡᠳᠦᠭᠡᠷ ᠤᠯᠠᠷᠢᠯ ᠤᠨ ᠰᠥᠭᠡᠷᠭᠦ ᠨᠡᠮᠡᠭᠳᠡᠯ ᠢ ᠡᠶᠡᠷᠡᠬᠦ ᠪᠤᠯᠭᠠᠨ ᠳᠠᠶᠢᠴᠢᠯᠠᠪᠠ᠃ ᠡᠨᠡ ᠵᠢᠯ ᠤᠨ ᠲᠦᠷᠦᠭᠦᠦ ᠳᠦᠷᠪᠡᠨ ᠰᠠᠷ᠎ᠠ ᠳᠤ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠳᠤ97.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.4 ᠵᠠᠭᠤᠨ ᠤ ᠴᠡᠭ ᠨᠡᠮᠡᠭᠳᠡᠵᠦ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 3.2  ᠵᠠᠭᠤᠨ ᠤ ᠴᠡᠭ ᠦᠨᠳᠦᠷᠰᠢᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号