ᠥᠪᠥᠷ ᠮᠣᠩᠭᠤᠯ ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠬᠢᠨᠠᠵᠤ ᠬᠠᠮᠢᠶᠠᠷᠬᠤ ᠠᠷᠭ᠎ᠠ ᠶᠢ ᠨᠡᠶᠢᠲᠡᠯᠡᠵᠦ ᠪᠤᠷᠴᠠᠭ ᠤᠨ ᠴᠢᠴᠢᠭᠡᠰᠦ ᠮᠡᠲᠦ ᠶᠢᠨ ᠢᠳᠡᠭᠡᠨ ᠤ ᠪᠠᠷᠢᠮᠵᠢᠶ᠎ᠠ ᠲᠣᠭᠲᠠᠭᠠᠬᠤ ᠶᠢ ᠬᠠᠶᠢᠨ ᠰᠦᠪᠡᠭᠴᠢᠯᠡᠵᠦ ᠪᠣᠢ
ᠨᠡᠶᠢᠲᠡᠯᠡᠭᠰᠡᠨ ᠴᠠᠭ᠄
2016/5/25
     ᠠᠷᠠᠳ ᠲᠦᠮᠡᠨ ᠤ ᠠᠩᠬᠠᠷᠴᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠬᠢᠨᠠᠵᠤ ᠬᠠᠮᠢᠶᠠᠷᠬᠤ ᠠᠷᠭ᠎ᠠ ᠨᠡᠶᠢᠲᠡᠯᠡᠵᠦ᠂ ᠬᠠᠮᠢᠶ᠎ᠠ ᠪᠦᠬᠦᠢ ᠪᠠᠷᠢᠮᠵᠢᠶ᠎ᠠ ᠲᠣᠭᠲᠠᠭᠠᠬᠤ ᠶᠢ ᠬᠠᠶᠢᠨ ᠰᠦᠪᠡᠭᠴᠢᠯᠡᠵᠦ᠂ ᠠᠷᠠᠳ ᠣᠯᠠᠨ ᠤ ︽ᠬᠡᠯᠡᠨ ᠳᠡᠭᠡᠷᠡᠬᠢ ᠠᠮᠤᠷ ᠲᠦᠪᠰᠢᠨ︾᠎ ᠢ ᠦᠨᠡᠨᠬᠦ ᠪᠠᠲᠤᠯᠠᠬᠤ ᠭᠡᠵᠦ ᠪᠤᠢ᠃ 5 ᠳ᠋ᠤᠭᠠᠷ ᠰᠠᠷ᠎ᠠ ᠶᠢᠨ 23᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠥᠷ ᠮᠣᠩᠭᠤᠯ ᠤᠨ ︽ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠨᠡᠪᠲᠡᠷᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠰᠢ ᠣᠳᠣᠬᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠶᠡᠷᠦᠩᠬᠡᠶ ᠪᠠᠶᠢᠳᠠᠯ ᠪᠣᠯᠣᠨ ᠢᠳᠡᠭᠡᠨ ᠤ  ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠢ ᠲᠠᠨᠢᠯᠴᠠᠭᠤᠯᠪᠠ᠃       ᠶᠠᠩ ᠰᠢ ᠲᠠᠨᠢᠯᠴᠠᠭᠤᠯᠤᠭᠰᠠᠨ ᠨᠢ᠂ ᠥᠪᠥᠷ ᠮᠣᠩᠭᠤᠯ ᠣᠷᠣᠨ ᠨᠤᠲᠤᠭ ᠤᠨ ᠴᠢᠨᠠᠷᠲᠠᠶ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠪᠠᠷᠢᠮᠵᠢᠶᠠᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠪᠠᠷ ᠪᠠᠶᠢᠨ᠎ᠠ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠳᠤ᠂ ᠥᠪᠥᠷ ᠮᠣᠩᠭᠤᠯ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠢᠳᠡᠭᠡᠨ ᠢ ᠬᠥᠯᠳᠡᠭᠦᠦ ᠪᠠᠷ ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠠᠷᠭ᠎ᠠ︾ ︽ᠪᠣᠭᠤᠮᠲᠠ ᠪᠠᠷ ᠣᠷᠣᠭᠤᠯᠵᠤ ᠭᠠᠷᠭᠠᠬᠤ ᠢᠳᠡᠭᠡᠨ ᠤ ᠠᠵᠤ ᠠᠬᠤᠶᠢᠯᠠᠯ ᠢ ᠲᠦᠷᠦᠯ ᠬᠤᠪᠢᠶᠠᠨ ᠬᠠᠮᠢᠶᠠᠷᠬᠤ ᠠᠵᠢᠯ ᠤᠨ ᠳᠦᠷᠢᠮᠯᠡᠯ︾ ︽ᠢᠳᠡᠭᠡᠨ ᠤ ᠵᠦᠢᠯ ᠤᠨ ᠵᠢᠵᠢᠭ  ᠬᠤᠳᠠᠯᠳᠤᠭᠠᠴᠢᠳ ᠢ ᠳᠠᠩᠰᠠᠯᠠᠨ ᠬᠠᠮᠢᠶᠠᠷᠬᠤ ᠠᠷᠭ᠎ᠠ︾ ︽ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠬᠢᠨᠠᠵᠤ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ 6 ᠳᠦᠷᠢᠮ ᠲᠣᠭᠲᠠᠭᠠᠯ ᠪᠣᠯᠣᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠨᠡᠶᠢᠲᠡᠯᠡᠬᠦ ᠪᠠᠷ ᠪᠠᠶᠢᠨ᠎ᠠ᠃  ᠬᠠᠲᠠᠭᠠᠭᠰᠠᠨ ᠥᠷᠥᠮ᠎ᠡ᠂ ᠬᠤᠷᠤᠳ ᠵᠡᠷᠭᠡ ᠢᠳᠡᠭᠡᠨ ᠤ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ᠰᠢᠷ᠎ᠠ ᠲᠣᠰᠣ᠂ ᠭᠡᠭᠦᠦ ᠶᠢᠨ  ᠰᠦ᠂ ᠢᠩᠭᠡᠨ ᠤ ᠰᠦ ᠵᠡᠷᠭᠡ ᠢᠳᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠪᠤᠷᠴᠠᠭ ᠤᠨ ᠴᠢᠴᠢᠭᠡᠰᠦ᠂ ᠤᠯᠠᠭᠠᠨ ᠢᠳᠡᠭᠡᠨ ᠵᠡᠷᠭᠡ ᠢᠳᠡᠭᠡᠨ ᠤ ᠪᠠᠷᠢᠮᠵᠢᠶ᠎ᠠ ᠶᠢ ᠰᠦᠪᠡᠭᠴᠢᠯᠡᠨ ᠲᠣᠭᠲᠠᠭᠠᠬᠤ ᠪᠣᠯᠣᠨ᠎ᠠ᠃      ᠢᠳᠡᠭᠡᠨ ᠤ ᠶᠠᠰᠤ ᠴᠢᠨᠠᠷ ᠤᠨ ᠠᠮᠤᠷ ᠲᠥᠪᠰᠢᠨ ᠢ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠢᠳᠡᠭᠡᠨ ᠤ ᠠᠵᠤ ᠦᠢᠯᠡᠰ ᠵᠡᠷᠭᠡ ᠳᠡᠰ ᠢᠶᠠᠨ ᠥᠰᠬᠡᠨ ᠳᠡᠪᠰᠢᠬᠦᠯᠬᠦ ᠶᠢ ᠲᠦᠯᠬᠢᠨ ᠠᠬᠢᠭᠤᠯᠵᠤ᠂ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠲᠥᠷᠭᠡᠳᠬᠡᠨ᠎ᠡ᠃ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ  ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠠᠳᠠᠭ ᠲᠠᠭᠠᠨ ᠨᠢᠭᠡ ᠶᠢ ᠪᠠᠶᠢᠭᠤᠯᠤᠨ᠎ᠠ᠃ ᠵᠢᠵᠢᠭ ᠦᠢᠯᠡᠳᠬᠡᠯ᠂ ᠵᠢᠵᠢᠭ ᠬᠤᠳᠠᠯᠳᠤᠭᠠᠴᠢᠳ ᠬᠦᠷᠢᠶᠡᠯᠡᠩ ᠳᠤ ᠣᠷᠣᠵᠤ ᠳᠡᠯᠭᠡᠭᠦᠷ ᠲᠤ ᠣᠷᠣᠵᠤ ᠡᠵᠡᠩᠨᠡᠬᠦ ᠶᠢ ᠡᠷᠴᠢᠮᠲᠡᠢ ᠬᠦᠲᠦᠯᠦᠨ ᠵᠢᠯᠣᠭᠤᠳᠴᠦ᠂ ᠵᠢᠵᠢᠭ ᠦᠢᠯᠡᠳᠬᠡᠯ᠂ ᠵᠢᠵᠢᠭ ᠬᠤᠳᠠᠯᠳᠤᠭᠠᠴᠢᠨ᠂ ᠵᠢᠵᠢᠭ ᠬᠤᠭᠤᠯᠠ ᠤᠮᠳᠠᠭᠠᠨ ᠵᠡᠷᠭᠡ ︽ᠭᠤᠷᠪᠠᠨ ᠵᠢᠵᠢᠭ︾ ᠡᠵᠡᠩᠨᠡᠯᠲᠡ ᠶᠢᠨ ᠡᠷᠦᠬᠡ ᠶᠢᠨ ᠵᠡᠷᠭᠡ ᠳᠡᠰ ᠢᠶᠠᠨ ᠥᠰᠬᠡᠨ ᠳᠡᠪᠰᠢᠭᠦᠯᠬᠦ ᠶᠢ ᠲᠦᠯᠬᠢᠨ ᠠᠬᠢᠭᠤᠯᠵᠤ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃ ᠠᠷᠠᠳ ᠲᠦᠮᠡᠨ ᠤ ᠡᠳᠦᠷ ᠲᠤᠳᠤᠮ ᠤᠨ ᠬᠡᠷᠡᠭᠯᠡᠭᠡᠨ ᠤ ᠬᠡᠮᠵᠢᠶ᠎ᠡ ᠪᠠᠷ ᠶᠡᠭᠡ ᠪᠠᠶᠢᠳᠠᠭ ᠹᠧᠨᠲ᠋ᠢᠶᠤᠤᠷ᠂ ᠮᠠᠨᠲᠠᠤ᠂ ᠪᠤᠷᠴᠠᠭ ᠤᠨ ᠴᠢᠴᠢᠭᠡᠰᠦ᠂ ᠳ᠋ᠧᠦᠹᠦ᠋ ᠵᠡᠷᠭᠡ ︽ᠳᠥᠷᠪᠡᠨ ᠴᠠᠭᠠᠨ︾ ᠢᠳᠡᠭᠡᠨ ᠤ ᠵᠢᠵᠢᠭ ᠦᠢᠯᠡᠳᠬᠡᠯ ᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠵᠤ᠂ 2017 ᠣᠨ ᠪᠣᠯᠬᠤ ᠳᠤ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠎ ᠲᠤ ᠣᠷᠣᠬᠤ ᠨᠤᠷᠮ᠎ᠠ ᠶᠢ 60%᠎ ᠠᠴᠠ ᠳᠡᠭᠡᠭᠰᠢ ᠳᠤ ᠬᠦᠷᠦᠭᠦᠯᠦᠨ᠎ᠡ᠃      ᠥᠪᠥᠷ ᠮᠣᠩᠭᠤᠯ ᠪᠠᠰᠠ ᠨᠢᠭᠡᠳᠦᠯᠲᠡᠶ ᠪᠦᠭᠡᠳ ᠡᠷᠬᠡ ᠰᠦᠷ ᠲᠠᠢ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠥᠷᠭᠡᠨ ᠪᠠᠶᠢᠭᠤᠯᠤᠨ ᠪᠦᠷᠢᠨᠰᠢᠭᠦᠯᠬᠦ ᠪᠠᠷ ᠪᠠᠶᠢᠨ᠎ᠠ᠃ ᠬᠠᠷᠠᠬᠠᠨ ᠪᠡᠶ᠎ᠡ ᠪᠠᠨ ᠳᠠᠭᠠᠭᠠᠵᠤ ᠴᠢᠳᠠᠭᠠᠳᠤᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠲᠠᠢ ᠠᠶᠢᠮᠠᠭ ᠬᠤᠲᠠ ᠨᠤᠭᠤᠳ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠡᠶ᠎ᠡ ᠪᠠᠨ ᠳᠠᠭᠠᠭᠠᠵᠤ ᠴᠢᠳᠠᠬᠤ ᠪᠣᠯᠭᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠢᠳᠡᠭᠡᠨ ᠤ ᠠᠮᠤᠷ ᠲᠥᠪᠰᠢᠨ ᠤ ᠮᠡᠷᠭᠡᠵᠢᠯ ᠢᠶᠠᠷ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠰᠠᠭᠠᠨ ᠪᠠᠶᠢᠴᠠᠭᠠᠵᠤ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠦᠷᠨᠢᠭᠦᠯᠦᠨ᠂ ᠪᠦᠬᠦ ᠣᠷᠣᠨ ᠤ ᠢᠳᠡᠭᠡᠨ ᠤ ᠠᠮᠤᠷ ᠲᠥᠪᠰᠢᠨ ᠢ ᠵᠠᠰᠠᠬᠤ ᠴᠢᠳᠠᠪᠤᠷᠢ ᠪᠣᠯᠣᠨ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号