ᠲᠦᠪ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠳᠤᠷᠠᠬᠰᠠᠨ ᠬᠢᠨᠠᠨ ᠪᠠᠶᠢᠴᠠᠭᠠᠬᠤ ᠲᠤᠭᠤᠢᠢᠯᠠᠩ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠳᠡ ᠶᠢᠨ ᠬᠤᠷᠠᠯ ᠬᠥᠬᠡᠬᠤᠲᠠ ᠳᠤ ᠬᠢᠪᠡ
ᠨᠡᠶᠢᠲᠡᠯᠡᠭᠰᠡᠨ ᠴᠠᠭ᠄
2016/5/26
   
           5 ᠳ᠋ᠤᠭᠠᠷ ᠰᠠᠷ᠎ᠠ ᠶᠢᠨ 23᠎ ᠤ ᠡᠳᠦᠷ᠂ ᠲᠦᠪ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠳᠤᠷᠠᠬᠰᠠᠨ ᠬᠢᠨᠠᠨ ᠪᠠᠶᠢᠴᠠᠭᠠᠬᠤ ᠲᠤᠭᠤᠢᠢᠯᠠᠩ ᠤᠨ ᠲᠠᠪᠤᠳᠤᠭᠠᠷ ᠲᠤᠭᠤᠢᠢᠯᠠᠩ ᠮᠠᠨ ᠤ ᠤᠷᠤᠨ ᠳᠤ ᠢᠷᠡᠵᠤ ᠵᠠᠬᠢᠳᠠᠯ ᠰᠤᠷᠪᠤᠯᠵᠢᠯᠠᠯ ᠤᠨ ᠠᠵᠢᠯ ᠢ ᠬᠢᠨᠠᠨ ᠪᠠᠶᠢᠴᠠᠭᠠᠵᠤ᠂ ᠦᠪᠡᠷᠳᠡᠭᠡᠨ ᠵᠠᠰᠠᠬᠤ ᠤᠷᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠳᠡ ᠶᠢᠨ ᠬᠤᠷᠠᠯ ᠬᠤᠷᠠᠯᠳᠤᠭᠤᠯᠵᠤ᠂ ᠬᠢᠨᠠᠨ ᠪᠠᠶᠢᠴᠠᠭᠠᠬᠤ ᠲᠤᠭᠤᠢᠢᠯᠠᠩ ᠳᠤ ᠮᠠᠨ ᠎ ᠤ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠦᠭᠡᠷᠡᠴᠢᠯᠡᠯᠳᠡ ᠶᠢᠨ ᠠᠷᠭ᠎ᠠ ᠭᠡᠮᠵᠢᠶ᠎ᠠ ᠶᠢ ᠨᠡᠶᠢᠳᠡᠪᠦᠷᠢᠵᠢᠭᠤᠯᠤᠬᠰᠠᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠬᠠᠷᠢᠭᠤ ᠮᠠᠳᠡᠬᠦᠯᠤᠯᠳᠠ ᠬᠢᠪᠠ᠃      ᠬᠤᠷᠠᠯ ᠳᠡᠭᠡᠷ᠎ᠡ ᠲᠦᠪ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠳᠤᠷᠠᠬᠰᠠᠨ ᠬᠢᠨᠠᠨ ᠪᠠᠶᠢᠴᠠᠭᠠᠬᠤ ᠲᠤᠭᠤᠢᠢᠯᠠᠩ ᠤᠨ ᠲᠠᠪᠤᠳᠤᠭᠠᠷ ᠲᠤᠭᠤᠢᠢᠯᠠᠩ ᠤᠨ ᠲᠠᠷᠤᠭ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠲᠡᠳ᠋ ᠰᠠᠶᠢᠳ ᠸᠠᠩ ᠮᠢᠨ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢᠦ ᠰᠢᠨ ᠯᠧ ᠠᠵᠢᠯ ᠤᠨ ᠬᠠᠷᠢᠭᠤ ᠮᠡᠳᠡᠭᠦᠯᠦᠯᠳᠡ ᠬᠢᠪᠠ᠃ ᠸᠠᠩ ᠮᠢᠨ ᠵᠢᠭᠠᠵᠤ ᠭᠠᠷᠭᠠᠬᠰᠠᠨ ᠨᠢ᠂ ᠲᠤᠰ ᠤᠳᠠᠭ᠎ᠠ ᠶᠢᠨ ᠬᠠᠮᠳᠤᠷᠠᠭᠰᠠᠨ ᠬᠢᠨᠠᠨ ᠪᠠᠶᠢᠴᠠᠭᠠᠬᠤ ᠠᠵᠢᠯ ᠤᠨ ᠭᠤᠤᠯ ᠡᠭᠦᠷᠭᠡ ᠪᠤᠯ ︽ᠤᠯᠠᠨ ᠲᠦᠮᠡᠨ ᠤ ᠠᠵᠢᠯ ᠤᠨ ᠠᠷᠭ᠎ᠠ ᠬᠡᠮᠵᠢᠶ᠎ᠠ ᠶᠢᠨ ᠰᠢᠨ᠎ᠡ ᠶᠢ ᠡᠭᠦᠳᠴᠤ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠦ ᠲᠤᠬᠠᠢ ᠰᠠᠨᠠᠯ︾᠎ ᠢ ᠨᠡᠶᠢᠳᠡᠪᠦᠷᠢᠵᠢᠭᠤᠯᠬᠤ ᠱᠠᠭᠠᠷᠳᠠᠯᠭ᠎ᠠ ᠶᠢᠨ ᠲᠤᠭᠤᠷᠢᠨ ᠳᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠡᠯ᠎ᠠ ᠵᠦᠢᠯ ᠤᠨ ᠦᠭᠡᠷᠡᠴᠢᠯᠡᠯᠳᠡ ᠶᠢᠨ ᠠᠷᠭ᠎ᠠ ᠭᠡᠮᠵᠢᠶ᠎ᠠ ᠶᠢ ᠨᠡᠶᠢᠳᠡᠪᠦᠷᠢᠵᠢᠭᠤᠯᠤᠬᠰᠠᠨ ᠠᠬᠢᠴᠠ ᠶᠢ ᠪᠦᠬᠦ ᠲᠠᠯ᠎ᠠ ᠪᠠᠷ ᠤᠢᠢᠯᠠᠭᠠᠵᠤ᠂ ᠦᠭᠡᠷᠡᠴᠢᠯᠡᠯᠳᠡ ᠶᠢᠨ ᠦᠢᠯᠡᠳᠦᠯᠭᠡ ᠲᠤᠮᠳᠠᠬᠢ ᠰᠠᠶᠢᠨ ᠲᠤᠷᠰᠢᠯᠭ᠎ᠠ ᠪᠠ ᠰᠠᠶᠢᠨ ᠠᠷᠭ᠎ᠠ ᠠᠪᠴᠠᠯ ᠢ ᠳ᠋ᠦᠡᠭᠨᠡᠵᠤ᠂ ᠤᠷᠤᠰᠢᠵᠤ ᠪᠠᠶᠢᠭ᠎ᠠ ᠠᠰᠠᠭᠤᠳᠠᠯ ᠢ ᠬᠦᠨᠵᠡᠭᠡᠢ ᠡᠷᠢᠵᠤ᠂ ᠠᠰᠠᠭᠤᠳᠠᠯ ᠤᠨ ᠰᠢᠯᠳᠠᠭᠠᠨ ᠳᠤ ᠵᠠᠳᠠᠯᠤᠯᠳᠠ ᠬᠢᠵᠤ ᠶᠠᠷᠢᠯᠴᠠᠨ ᠰᠤᠳᠤᠯᠵᠤ᠂ ᠬᠠᠮᠢᠶ᠎ᠠ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠢ ᠴᠠᠭ ᠲᠤᠬᠠᠢ ᠳᠤᠨᠢ ᠵᠢᠭᠠᠨ ᠵᠢᠯᠤᠭᠤᠳᠴᠤ ᠬᠢᠨᠠᠨ ᠱᠠᠯᠠᠪᠳᠠᠭᠤᠯᠵᠤ ᠪᠠᠶᠢᠮᠠᠨᠵᠢᠨ ᠲᠦᠷᠢᠮ ᠢ ᠪᠦᠷᠢᠨᠰᠢᠭᠦᠯᠦᠨ᠂ ᠲᠤᠭᠳᠠᠴᠠ ᠶᠢ ᠲᠡᠭᠦᠯᠳᠡᠷᠵᠢᠭᠦᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠎ ᠤᠨ ᠬᠠᠷᠢᠭᠤᠴᠠᠯᠭ᠎ᠠ ᠶᠢ ᠡᠷᠴᠢᠮᠳᠠᠢ ᠨᠡᠶᠢᠳᠡᠪᠦᠷᠢᠵᠢᠭᠤᠯᠵᠤ᠂ ᠲᠦᠪ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠦᠭᠡᠷᠡᠴᠢᠯᠡᠯᠳᠡ ᠶᠢᠨ ᠲᠤᠬᠠᠢ ᠡᠯ᠎ᠠ ᠵᠦᠢᠯ ᠤᠨ ᠠᠷᠭ᠎ᠠ ᠭᠡᠮᠵᠢᠶ᠎ᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠠᠬᠢᠭᠤᠯᠤᠨ᠎ᠠ ᠭᠡᠪᠠ᠃       ᠯᠢᠦ ᠰᠢᠨ ᠯᠧ ᠬᠢᠨᠠᠨ ᠪᠠᠶᠢᠴᠠᠭᠠᠬᠤ ᠲᠤᠭᠤᠢᠢᠯᠠᠩ ᠤᠨ ᠮᠠᠨ ᠤ ᠤᠷᠤᠨ ᠳᠤ ᠢᠷᠠᠵᠤ ᠵᠠᠬᠢᠳᠠᠯ ᠰᠤᠷᠪᠤᠯᠵᠢᠯᠠᠯ ᠤᠨ ᠠᠵᠢᠯ ᠳᠤ ᠬᠢᠨᠠᠨ ᠪᠠᠶᠢᠴᠠᠭᠠᠯᠳᠠ ᠬᠢᠭᠰᠡᠨ ᠢ ᠪᠠᠶᠠᠷᠯᠠᠨ ᠤᠬᠳᠤᠵᠤ ᠪᠠᠶᠢᠬᠤ ᠰᠡᠳᠬᠢᠯᠭᠡ ᠪᠠᠨ ᠢᠯᠡᠳᠭᠡᠪᠠ᠃ ᠲᠠᠷᠠ ᠭᠡᠯᠡᠭᠰᠡᠨ ᠨᠢ᠂ ᠦᠪᠦᠷ ᠮᠤᠩᠭᠤᠯ ᠤᠢᠢᠷ᠎ᠠ ᠶᠢᠨ ᠵᠢᠯ ᠠᠴᠠ ᠨᠠᠰᠢ ᠲᠦᠪ ᠤᠨ ᠵᠠᠬᠢᠳᠠᠯ ᠰᠤᠷᠪᠤᠯᠵᠢᠯᠠᠯ ᠤᠨ ᠲᠦᠷᠢᠮ ᠤᠨ ᠦᠭᠡᠷᠡᠴᠢᠯᠡᠯᠳᠠ ᠶᠢᠨ ᠲᠤᠬᠠᠢ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠵᠤ᠂ ᠶᠡᠷᠦᠩᠭᠡᠢ ᠱᠦᠵᠢ ᠰᠢ ᠶᠢᠨ ᠫᠢᠡᠭ ᠤᠨ ᠵᠠᠬᠢᠳᠠᠯ ᠰᠤᠷᠪᠤᠯᠵᠢᠯᠠᠯ ᠎ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠦᠭᠡᠷᠡᠴᠢᠯᠡᠯᠳᠠ ᠶᠢᠨ ᠠᠷᠭ᠎ᠠ ᠭᠡᠮᠵᠢᠶ᠎ᠠ ᠶᠢᠨ ᠨᠠᠶᠢᠳᠠᠪᠤᠷᠢᠵᠢᠭᠤᠯᠤᠯᠳᠠ ᠎ ᠶᠢ ᠲᠠᠰᠤᠷᠠᠯᠳᠠ ᠦᠭᠡᠢ ᠠᠬᠢᠭᠤᠯᠵᠤ᠂ ︽ᠬᠠᠷᠢᠭᠤᠴᠠᠯᠭᠠᠳᠤ ᠵᠠᠬᠢᠳᠠᠯ ᠰᠤᠷᠪᠤᠯᠵᠢᠯᠠᠯ︾᠂ ︽ᠢᠯᠡ ᠲᠤᠳᠤ ᠵᠠᠬᠢᠳᠠᠯ ᠰᠤᠷᠪᠤᠯᠵᠢᠯᠠᠯ︾᠂ ︽ᠬᠠᠤᠯᠢᠵᠢᠯ ᠤᠨ ᠵᠠᠬᠢᠳᠠᠯ ᠰᠤᠷᠪᠤᠯᠵᠢᠯᠠᠯ︾᠎ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠤᠨ ᠦᠷ᠎ᠠ ᠠᠰᠢᠭ ᠢ ᠨᠡᠮᠡᠭᠳᠡᠬᠦᠯᠬᠦ ᠶᠢ ᠠᠬᠢᠭᠤᠯᠬᠤ ᠲᠠᠯ᠎ᠠ ᠪᠠᠷ ᠬᠦᠴᠤ ᠲᠠᠯᠪᠢᠨ᠂ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠎ ᠤᠨ ᠲᠦᠷᠢᠮ ᠤᠨ ᠦᠭᠡᠷᠡᠴᠢᠯᠡᠯᠳᠠ ᠲᠤᠪᠤᠶᠢᠮ᠎ᠠ ᠠᠮᠵᠢᠯᠳᠠ ᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠴᠢᠨᠠᠭᠰᠢᠳᠠ ᠲᠤᠭᠳᠠᠭᠤᠨ ᠮᠦᠷᠳᠡᠭᠡᠨ ᠰᠠᠶᠢᠨ ᠬᠠᠨᠳᠤᠰᠢ ᠲᠠᠢ ᠪᠤᠯᠵᠤ᠂ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠪᠰᠢᠨ ᠰᠢᠨ᠎ᠠ ᠠᠬᠢᠯᠳᠠ ᠲᠠᠢ ᠪᠤᠯᠪᠠ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号