ᠥᠪᠥᠷ ᠮᠣᠩᠭᠤᠯ ᠤᠨ ︽ᠭᠤᠷᠪᠠ ᠶᠢ ᠳᠡᠮᠵᠢᠵᠤ ᠨᠢᠭᠡ ᠶᠢ ᠲᠡᠳᠬᠦᠬᠦ︾ ᠠᠵᠢᠯ ᠳᠤ ᠡᠯᠰᠡᠬᠦ ᠳᠡᠭᠡᠳᠦ ᠰᠤᠷᠭᠠᠭᠤᠯᠢ ᠲᠡᠭᠦᠰᠦᠭᠰᠡᠳ 30᠎ ᠤ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2016/5/26
     ᠮᠠᠨ ᠤ ᠣᠷᠣᠨ 5 ᠳ᠋ᠤᠭᠠᠷ ᠰᠠᠷ᠎ᠠ ᠠᠴᠠ ᠡᠬᠢᠯᠡᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠶᠢ ᠳᠡᠮᠵᠢᠬᠦ ︵ᠮᠠᠯ ᠠᠵᠤ ᠠᠬᠤᠢ ᠶᠢ ᠳᠡᠮᠵᠢᠬᠦ︶᠂ ᠡᠮᠨᠡᠯᠭᠡ ᠶᠢ ᠳᠡᠮᠵᠢᠬᠦ ᠪᠠ ᠶᠠᠳᠠᠭᠤ ᠶᠢ ᠲᠡᠳᠬᠦᠬᠦ ︵ᠳᠣᠷᠣᠭᠰᠢ ︽ᠭᠤᠷᠪᠠ ᠶᠢ ᠳᠡᠮᠵᠢᠵᠤ ᠨᠢᠭᠡ ᠶᠢ ᠲᠡᠳᠬᠦᠬᠦ︾ ᠭᠡᠵᠦ ᠲᠣᠪᠴᠢᠯᠠᠨ᠎ᠠ︶ ᠠᠵᠢᠯ ᠳᠤ ᠳᠡᠭᠡᠳᠦ ᠶᠡᠭᠡ ᠰᠤᠷᠭᠠᠭᠤᠯᠢ ᠲᠡᠭᠦᠰᠦᠭᠰᠡᠳ ᠢ ᠰᠤᠩᠭᠤᠨ ᠡᠯᠰᠡᠨ᠎ᠡ᠂ ᠪᠥᠬᠦ ᠣᠷᠣᠨ ᠤ ︽ᠭᠤᠷᠪᠠ ᠶᠢ ᠳᠡᠮᠵᠢᠵᠤ ᠨᠢᠭᠡ ᠶᠢ ᠲᠡᠳᠬᠦᠬᠦ︾᠎ ᠳᠤ ᠳᠡᠭᠡᠳᠦ ᠰᠤᠷᠭᠠᠭᠤᠯᠢ ᠲᠡᠭᠦᠰᠦᠭᠰᠡᠳ ᠠᠴᠠ 2500 ᠬᠥᠮᠦᠨ ᠡᠯᠰᠡᠬᠦ ᠪᠠᠷ ᠲᠦᠯᠦᠪᠯᠡᠵᠦ ᠪᠠᠶᠢᠨ᠎ᠠ᠃      ᠣᠶᠢᠯᠠᠭᠠᠭᠰᠠᠨ ᠢᠶᠠᠷ᠂ ᠡᠯᠰᠡᠭᠳᠡᠭᠴᠢ ᠨᠢ 2016 ᠣᠨ ᠳᠤ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠶᠡᠭᠡ ᠰᠤᠷᠭᠠᠭᠤᠯᠢ ᠲᠡᠭᠦᠰᠬᠦ ᠰᠤᠷᠤᠭᠴᠢ︔ 2016 ᠣᠨ ᠤ ᠣᠷᠣᠨ ᠤ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠶᠡᠭᠡ ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭᠤᠯ ᠨᠤᠲᠤᠭ ᠲᠠᠢ ᠰᠤᠷᠤᠭᠴᠢ︔ 2013 ᠣᠨ᠂ 2014 ᠣᠨ᠂ 2015 ᠣᠨ ᠳᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠶᠡᠭᠡ ᠰᠤᠷᠭᠠᠭᠤᠯᠢ ᠲᠡᠭᠦᠰᠦᠭᠡᠳ ᠬᠠᠷᠠᠬᠠᠨ ᠠᠵᠢᠯ ᠤᠯᠤᠭᠠᠳᠤᠢ ᠥᠪᠥᠷ ᠮᠣᠩᠭᠤᠯ ᠨᠤᠲᠤᠭ ᠲᠠᠢ ᠰᠤᠷᠤᠭᠴᠢᠳ ᠪᠤᠯᠤᠨ᠎ᠠ᠃ ᠨᠥᠬᠦᠴᠡᠯ ᠨᠢ ᠤᠯᠤᠰ ᠲᠦᠷᠦ ᠶᠢᠨ ᠬᠡᠪ ᠪᠤᠯᠪᠠᠰᠤᠷᠠᠯ ᠰᠠᠶᠢᠨ᠂ ᠡᠬᠡ ᠤᠯᠤᠰ ᠢᠶᠠᠨ ᠬᠠᠶᠢᠷᠠᠯᠠᠬᠤ᠂ ᠨᠠᠮ ᠤᠨ ᠦᠨᠳᠦᠰᠦᠨ ᠱᠤᠭᠤᠮ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠬᠦᠷᠢᠶᠡᠯᠡᠳᠡᠭ᠃ ᠰᠤᠷᠤᠯᠭ᠎ᠠ ᠶᠢᠨ ᠬᠢᠷᠢ ᠪᠦᠲᠦᠮᠵᠢ ᠨᠢ ᠬᠢᠷᠢ ᠲᠡᠩᠴᠡᠵᠦ᠂ ᠵᠣᠬᠢᠴᠠᠩᠭᠤᠶ ᠲᠤᠰᠬᠠᠶ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ᠃ ᠡᠭᠦᠨ ᠳᠤ᠂ ᠰᠤᠷᠭᠠᠨ ᠬᠥᠮᠦᠵᠢᠯ ᠤᠨ ᠦᠢᠯᠡᠰ ᠢ ᠳᠡᠮᠵᠢᠬᠦ ᠳᠤ ᠪᠠᠭᠰᠢ ᠶᠢᠨ ᠰᠤᠷᠭᠠᠭᠤᠯᠢ ᠶᠢᠨ ᠲᠥᠷᠥᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠪᠤᠶᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠵᠢᠯ ᠳᠤ ᠲᠤᠬᠢᠷᠠᠬᠤ ᠪᠠᠭᠰᠢ ᠶᠢᠨ ᠰᠤᠷᠭᠠᠭᠤᠯᠢ ᠶᠢᠨ ᠪᠤᠰᠤ ᠳᠡᠭᠡᠳᠦ ᠰᠤᠷᠭᠠᠭᠤᠯᠢ ᠶᠢᠨ ᠰᠠᠭᠤᠷᠢ ᠬᠢᠴᠢᠶᠡᠯ ᠲᠦᠷᠦᠯ ᠤᠨ ︵ᠲᠣᠭᠠᠨ ᠤ ᠤᠬᠠᠭᠠᠨ᠂ ᠹᠢᠽᠢᠺ᠂ ᠬᠢᠮᠢ᠂ ᠮᠣᠩᠭᠤᠯ ᠬᠡᠯᠡ᠂ ᠬᠢᠲᠠᠳ ᠬᠡᠯᠡ᠂ ᠲᠡᠦᠬᠡ᠂ ᠠᠮᠢᠳᠤ ᠪᠣᠳᠠᠰ᠂ ᠤᠯᠤᠰ ᠲᠥᠷᠥ᠂ ᠭᠠᠵᠠᠷ ᠵᠦᠢ᠂ ᠠᠩᠭ᠍ᠯᠢ ᠬᠡᠯᠡ᠂ ᠳᠠᠭᠤᠤ ᠬᠥᠭᠵᠢᠮ᠂ ᠪᠡᠶ᠎ᠡ ᠶᠢᠨ ᠲᠠᠮᠢᠷ᠂ ᠤᠷᠠᠨ ᠵᠢᠷᠤᠭ︶ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠵᠢᠩᠬᠢᠨᠢ ᠠᠩᠬᠢ ᠠᠴᠠ ᠲᠡᠭᠦᠰᠦᠭᠰᠡᠨ ᠰᠤᠷᠤᠭᠴᠢ ᠶᠢᠨ ᠳᠣᠲᠣᠷ᠎ᠠ ᠠᠴᠠ ᠡᠯᠰᠡᠨ᠎ᠡ︔ ᠲᠠᠷᠢᠶᠠᠯᠠᠩ ᠢ ᠳᠡᠮᠵᠢᠬᠦ ︵ᠮᠠᠯ ᠠᠵᠤ ᠠᠬᠤᠶ ᠶᠢ ᠳᠡᠮᠵᠢᠬᠦ︶᠎ ᠳᠤ ᠳᠡᠭᠡᠳᠦ ᠶᠡᠭᠡ ᠰᠤᠷᠭᠠᠭᠤᠯᠢ ᠲᠡᠭᠦᠰᠦᠭᠰᠡᠳ ᠲᠠᠷᠢᠶᠠᠯᠠᠩ ᠮᠠᠯ ᠠᠵᠤ ᠠᠬᠤᠶ ᠤᠢ ᠰᠢᠭᠤᠢ ᠶᠢᠨ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠠᠩᠬᠢ ᠠᠴᠠ ᠳᠡᠭᠡᠭᠰᠢᠬᠢ ᠠᠩᠭᠢ ᠠᠴᠠ ᠲᠡᠭᠦᠰᠦᠭᠰᠡᠳ ᠠᠴᠠ ᠡᠯᠰᠡᠵᠦ᠂ ᠤᠰᠤᠨ ᠠᠰᠢᠭᠯᠠᠯᠲᠠ ᠶᠢᠨ ᠲᠦᠷᠦᠯ ᠵᠦᠢᠯ ᠳᠤ ᠤᠰᠤᠨ ᠠᠰᠢᠭᠯᠠᠯᠲᠠ ᠶᠢᠨ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯ ᠤᠨ ᠠᠩᠬᠢ ᠠᠴᠠ ᠳᠡᠭᠡᠭᠰᠢᠬᠢ ᠠᠩᠭᠢ ᠠᠴᠠ ᠲᠡᠭᠦᠰᠦᠭᠰᠡᠳ ᠠᠴᠠ ᠡᠯᠰᠡᠨ᠎ᠡ︔ ᠡᠮᠨᠡᠯᠭᠡ ᠶᠢ ᠳᠡᠮᠵᠢᠬᠦ ᠳᠤ ᠡᠮ ᠡᠮᠨᠡᠯᠭᠡ᠂ ᠡᠷᠡᠭᠦᠯ ᠬᠠᠮᠠᠭᠠᠯᠠᠯ ᠵᠢᠴᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯ ᠤᠨ ᠠᠩᠬᠢ ᠠᠴᠠ ᠳᠡᠭᠡᠭᠰᠢᠬᠢ ᠠᠩᠬᠢᠯ ᠠᠴᠠ ᠲᠡᠭᠦᠰᠦᠭᠰᠡᠳ ᠠᠴᠠ ᠡᠯᠰᠡᠨ᠎ᠡ︔ ᠶᠠᠳᠠᠭᠤ ᠶᠢ ᠲᠡᠳᠬᠦᠬᠦ ᠳᠤ ᠳᠡᠭᠡᠳᠦ ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠲᠤᠰᠬᠠᠶ ᠬᠢᠵᠠᠭᠠᠷᠯᠠᠯ ᠦᠭᠡᠢ᠂ ᠡᠩ ᠤᠨ ᠳᠡᠭᠡᠳᠦ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠬᠢ ᠠᠴᠠ ᠳᠡᠭᠡᠭᠰᠢᠬᠢ ᠠᠩᠭᠢ ᠠᠴᠠ ᠲᠡᠭᠦᠰᠦᠭᠰᠡᠳ ᠠᠴᠠ ᠡᠯᠰᠡᠨ᠎ᠡ᠃      ︽ᠭᠤᠷᠪᠠ ᠶᠢ ᠲᠡᠮᠵᠢᠵᠤ ᠨᠢᠭᠡ ᠶᠢ ᠲᠡᠳᠬᠦᠬᠦ︾ ᠳᠡᠭᠡᠳᠦ ᠶᠡᠭᠡ ᠰᠤᠷᠭᠠᠭᠤᠯᠢ ᠲᠡᠭᠦᠰᠦᠭᠰᠡᠳ ᠲᠣᠭᠲᠠᠭᠠᠯ ᠶᠣᠰᠣᠭᠠᠷ ᠲᠤᠭᠲᠠᠭᠰᠠᠨ ᠬᠤᠭᠤᠴᠠᠭᠠᠨ ᠳᠤ ︵ᠦᠢᠯᠡᠴᠢᠯᠡᠭᠡᠨ ᠤ ᠬᠤᠭᠤᠴᠠᠭ᠎ᠠ ᠨᠢ 2 ᠵᠢᠯ᠂ 2016 ᠤᠨ ᠤ 8 ᠳ᠋ᠤᠭᠠᠷ ᠰᠠᠷ᠎ᠠ ᠶᠢᠨ 1᠎ ᠤ ᠡᠳᠦᠷ ~ 2018 ᠤᠨ ᠤ 7 ᠳ᠋ᠤᠭᠠᠷ ᠰᠠᠷ᠎ᠠ ᠶᠢᠨ 31᠎ ᠤ ᠡᠳᠦᠷ ᠬᠦᠷᠲᠡᠯ᠎ᠡ︶ ᠦᠢᠯᠡᠴᠢᠯᠡᠬᠦ ᠠᠵᠢᠯ ᠢᠶᠠᠨ ᠪᠡᠶᠡᠯᠡᠭᠦᠯᠵᠦ᠂ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠦᠢᠯᠡᠴᠢᠯᠡᠭᠡᠨ ᠤ ᠨᠢᠭᠡᠴᠡ ᠶᠢᠨ ᠬᠠᠮᠢᠶᠠᠷᠤᠯᠲᠠ ᠶᠢ ᠳᠠᠭᠠᠭᠰᠠᠨ ᠪᠠᠶᠢᠬᠤ ᠬᠡᠷᠡᠭᠲᠡᠢ᠃ ᠦᠢᠯᠡᠴᠢᠯᠡᠬᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠳᠡᠮᠵᠢᠵᠤ ᠨᠢᠭᠡ ᠶᠢ ᠲᠡᠳᠬᠦᠬᠦ︾ ᠠᠵᠢᠯ ᠢ ᠵᠣᠬᠢᠴᠠᠭᠤᠯᠬᠤ ᠬᠠᠮᠢᠶᠠᠷᠤᠯᠲᠠ ᠶᠢᠨ ᠠᠯᠪᠠᠨ ᠭᠡᠷ ᠤᠨ ᠬᠢᠨᠠᠨ ᠰᠢᠯᠭᠠᠯᠲᠠ ᠪᠠᠷ ᠳᠠᠮᠵᠢᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭᠠᠨ ᠤ ᠶᠠᠮᠤᠨ ᠤ ᠨᠢᠭᠡᠳᠦᠯᠲᠡᠶ ᠳᠠᠷᠤᠮᠠᠯᠯᠠᠭᠰᠠᠨ ︽ᠳᠡᠭᠡᠳᠦ ᠶᠡᠭᠡ ᠰᠤᠷᠭᠠᠭᠤᠯᠢ ᠲᠡᠭᠦᠰᠦᠭᠰᠡᠳ ︿ᠭᠤᠷᠪᠠ ᠶᠢ ᠳᠡᠮᠵᠢᠵᠤ ᠨᠢᠭᠡ ᠶᠢ ᠲᠡᠳᠬᠦᠬᠦ﹀ ᠦᠢᠯᠡᠴᠢᠯᠡᠭᠡᠨ ᠤ ᠦᠨᠡᠮᠯᠡᠯ︾᠎ ᠢ ᠤᠯᠭᠤᠵᠤ᠂ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠬᠤᠯᠪᠣᠭᠳᠠᠯ ᠪᠦᠬᠦᠢ ᠠᠵᠢᠯ ᠣᠯᠭᠤᠬᠤ ᠬᠠᠷᠠᠭᠠᠯᠵᠠᠯᠳᠦ ᠲᠦᠷᠦ ᠶᠢᠨ ᠪᠤᠳᠤᠯᠭ᠎ᠠ ᠶᠢ ᠡᠳ᠋ᠯᠡᠬᠦ ᠦᠨᠳᠦᠰᠦᠯᠡᠯ ᠪᠤᠯᠭᠠᠨ᠎ᠠ᠃ ︽ᠭᠤᠷᠪᠠ ᠶᠢ ᠲᠡᠮᠵᠢᠵᠤ ᠨᠢᠭᠡ ᠶᠢ ᠲᠡᠳᠬᠦᠬᠦ︾ ᠳᠡᠭᠡᠳᠦ ᠶᠡᠭᠡ ᠰᠤᠷᠭᠠᠭᠤᠯᠢ ᠲᠡᠭᠦᠰᠦᠭᠰᠡᠳ ᠦᠢᠯᠡᠴᠢᠯᠡᠭᠡᠨ ᠤ ᠬᠤᠭᠤᠴᠠᠭᠠᠨ ᠳᠤ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠥᠮᠦᠨ ᠪᠦᠷᠢ ᠳᠤ ᠰᠠᠷ᠎ᠠ ᠪᠦᠷᠢ 1500 ᠲᠥᠭᠦᠷᠢᠭ ᠤᠨ ᠠᠮᠢᠳᠤᠷᠠᠯ ᠤᠨ ᠨᠥᠬᠦᠪᠥᠷᠢ ᠪᠣᠯᠤᠨ ᠬᠥᠮᠦᠨ ᠪᠦᠷᠢ ᠵᠢᠯ ᠪᠦᠷᠢ 1200 ᠲᠥᠭᠦᠷᠢᠭ ᠤᠨ ᠵᠠᠮ ᠬᠠᠷᠢᠯᠴᠠᠭᠠᠨ ᠤ ᠨᠥᠬᠦᠪᠥᠷᠢ ᠶᠢ ᠨᠢᠭᠡᠳᠦᠯᠲᠡᠶ ᠲᠤᠭ᠎ᠠ ᠶᠣᠰᠣᠭᠠᠷ ᠤᠯᠭᠤᠬᠤ ᠪᠥᠭᠡᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠭᠦᠢᠴᠡᠳᠬᠡᠵᠦ ᠦᠭᠭᠦᠨ᠎ᠡ᠃ 2016 ᠣᠨ ᠠᠴᠠ ᠡᠬᠢᠯᠡᠨ᠂ ᠰᠢᠨ᠎ᠡ ᠡᠯᠰᠡᠭᠰᠡᠨ ᠪᠥᠭᠡᠳ ᠠᠵᠢᠯ ᠤᠨ ᠪᠠᠶᠢᠷᠢᠨ ᠳᠤ ᠪᠠᠶᠢᠭ᠎ᠠ ᠦᠢᠯᠡᠴᠢᠯᠡᠭᠡᠨ ᠤ ᠠᠵᠢᠯ ᠡᠷᠬᠢᠯᠡᠭᠡᠳ 6 ᠰᠠᠷ᠎ᠠ ᠠᠴᠠ ᠳᠡᠭᠡᠭᠰᠢ ᠪᠤᠯᠵᠤ ᠪᠠᠶᠢᠭ᠎ᠠ ︽ᠭᠤᠷᠪᠠ ᠶᠢ ᠲᠡᠮᠵᠢᠵᠤ ᠨᠢᠭᠡ ᠶᠢ ᠲᠡᠳᠬᠦᠬᠦ︾ ᠬᠦᠮᠦᠰ ᠲᠤ ᠲᠥᠪ ᠤᠨ ᠡᠳ᠋ ᠤᠨ ᠵᠠᠰᠠᠭ ᠠᠴᠠ ᠬᠥᠮᠦᠨ ᠪᠦᠷᠢ 2000 ᠲᠥᠭᠦᠷᠢᠭ ᠤᠨ ᠪᠠᠷᠢᠮᠵᠢᠶ᠎ᠠ ᠶᠣᠰᠣᠭᠠᠷ ᠨᠢᠭᠡ ᠤᠳᠠᠭᠠᠨ ᠤ ᠴᠢᠨᠠᠷᠲᠠᠢ ᠲᠦᠪᠬᠢᠨᠡᠭᠦᠯᠡᠭᠡ ᠶᠢᠨ ᠨᠥᠬᠦᠪᠥᠷᠢ ᠤᠯᠭᠤᠨ᠎ᠠ᠃      ᠡᠨᠡ ᠤᠳᠠᠭᠠᠨ ᠤ ᠡᠯᠰᠡᠯᠲᠡ ᠶᠢᠨ ᠨᠡᠷ᠎ᠡ ᠮᠡᠳᠡᠭᠦᠯᠬᠦ ᠴᠠᠭ ᠨᠢ 5 ᠳ᠋ᠤᠭᠠᠷ ᠰᠠᠷ᠎ᠠ ᠶᠢᠨ 30᠎ ᠤ ᠡᠳᠦᠷ ᠤᠨ 9 ᠴᠠᠭ ~ 6 ᠳ᠋ᠤᠭᠠᠷ ᠰᠠᠷ᠎ᠠ ᠶᠢᠨ 5᠎ ᠤ ᠡᠳᠦᠷ ᠤᠨ 18 ᠴᠠᠭ ᠪᠣᠯᠲᠠᠯ᠎ᠠ᠂ ᠲᠤᠰ ᠬᠤᠭᠤᠴᠠᠭ᠎ᠠ ᠪᠤᠶᠤ ᠦᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠰᠤᠷᠤᠭᠴᠢᠳ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ︵ᠬᠠᠶ᠋ᠢᠭ᠄ www.impta.com︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号