ᠲᠠᠨᠢᠯᠴᠠᠭᠤᠯᠤᠭᠰᠠᠨ ᠢᠶᠠᠷ᠂ ᠤᠷᠳᠤ ᠬᠤᠭᠤᠴᠠᠭᠠᠨ ᠤ ᠲᠤᠷᠰᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠠᠪᠤᠳᠠᠯ ᠢ ᠢᠮᠠᠭᠲᠠ ᠰᠤᠷᠭᠠᠨ ᠬᠥᠮᠦᠵᠢᠯ ᠤᠨ | ᠬᠥᠭᠵᠢᠯᠲᠡ ᠶᠢᠨ ᠴᠢᠬᠤᠯᠠ ᠪᠠᠶᠢᠷᠢᠨ ᠳᠤ ᠲᠠᠯᠪᠢᠭᠰᠠᠭᠠᠷ ᠢᠷᠡᠵᠦ᠂ ᠶᠠᠳᠠᠭᠤ ᠶᠢ ᠲᠡᠳᠬᠦᠬᠦ ᠲᠤᠰᠬᠠᠢ | ᠲᠥᠯᠥᠪᠵᠢᠭᠦᠯᠭᠡ ᠶᠢ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠪᠠᠷ ᠳᠡᠮᠵᠢᠬᠦ ᠲᠡᠰᠢ ᠬᠡᠯᠪᠡᠶᠢᠬᠦ | ᠡᠷᠴᠢᠮ ᠢᠶᠠᠨ ᠲᠠᠰᠤᠷᠠᠯᠲᠠ ᠦᠭᠡᠢ ᠨᠡᠮᠡᠭᠳᠡᠭᠦᠯᠪᠡ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠣᠯ ᠦᠶ᠎ᠡ | ᠤᠯᠠᠷᠢᠨ ᠶᠠᠳᠠᠭᠤᠷᠠᠬᠤ ᠶᠢ ᠦᠨᠳᠦᠰᠦᠨ ᠠᠴᠠ ᠨᠢ ᠵᠠᠰᠠᠬᠤ ᠠᠷᠭ᠎ᠠ ᠪᠤᠳᠤᠯᠭ᠎ᠠ ᠮᠦᠨ᠃ ᠡᠯ᠎ᠡ ᠭᠠᠵᠠᠷ ᠤᠨ ᠬᠢᠨ | ᠶᠠᠳᠠᠭᠤ ᠬᠤᠴᠣᠷᠤᠩᠭᠤᠶ ᠭᠠᠵᠠᠷ ᠣᠷᠣᠨ ᠤ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠪᠠᠷ ᠳᠠᠮᠵᠢᠵᠤ᠂ | ᠬᠥᠳᠡᠭᠡ ᠲᠣᠰᠬᠤᠨ ᠤ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠶᠠᠰᠤ | ᠴᠢᠨᠠᠷ ᠪᠠ ᠵᠢᠭᠠᠨ ᠰᠤᠷᠭᠠᠬᠤ ᠬᠢᠷᠢ ᠲᠥᠪᠰᠢᠨ ᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠬᠡᠷ ᠪᠦᠯᠢ ᠶᠢᠨ | ᠦᠷ᠎ᠡ ᠬᠡᠦᠬᠡᠳ ᠲᠤ ᠦᠭᠡᠳᠡᠯᠡᠬᠦ ᠵᠠᠮ᠂ ᠬᠥᠭᠵᠢᠯᠲᠡ ᠶᠢᠨ ᠢᠷᠡᠭᠡᠳᠦᠶ ᠪᠠ ᠠᠵᠢᠯ ᠣᠯᠵᠣ ᠠᠳᠠᠯ ᠦᠢᠯᠡᠰ | ᠴᠣᠭᠴᠠᠯᠠᠬᠤ ᠲᠣᠬᠢᠶᠠᠯ ᠣᠯᠭᠤᠵᠣ᠂ ︽ᠨᠢᠭᠡ ᠬᠥᠮᠦᠨ ᠢ ᠰᠤᠷᠭᠠᠨ ᠬᠦᠮᠦᠵᠢᠭᠦᠯᠵᠦ᠂ ᠨᠢᠭᠡ ᠬᠥᠮᠦᠨ ᠳᠤ ᠠᠵᠢᠯ | ᠣᠯᠭᠤᠨ᠂ ᠨᠢᠭᠡ ᠭᠡᠷ ᠪᠦᠯᠢ ᠶᠢ ᠶᠠᠳᠠᠭᠤ ᠠᠴᠠ ᠠᠩᠭᠢᠵᠢᠷᠠᠭᠤᠯᠬᠤ︾ ᠶᠢ ᠪᠡᠶᠡᠯᠡᠭᠦᠯᠬᠦ ᠪᠠᠷ ᠴᠢᠷᠮᠠᠶᠢᠪᠠ᠃ | ᠪᠦᠷᠢᠳᠬᠡᠯ ᠢ ᠦᠨᠳᠦᠰᠦᠯᠡᠪᠡᠯ᠂ ︽12 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠤ ᠡᠯ᠎ᠡ ᠲᠦᠷᠦᠯ ᠤᠨ ᠲᠤᠰᠠᠯᠠᠮᠵᠢ ᠶᠢᠨ ᠪᠡᠯᠡ ᠮᠦᠩᠭᠦ ᠶᠢ ᠨᠡᠶᠢᠲᠡ 183.1 | ᠳ᠋ᠦᠩᠰᠢᠭᠤᠷ ᠲᠦᠭᠦᠷᠢᠭ ᠨᠠᠶᠢᠳᠠᠪᠤᠷᠢᠵᠢᠭᠤᠯᠵᠤ᠂ ᠰᠤᠷᠤᠭᠴᠢᠳ ᠢ 723 ᠲᠦᠮᠡᠨ ᠬᠥᠮᠦᠨ ᠤᠳᠠᠭ᠎ᠠ ᠳᠡᠳᠬᠦᠨ | ᠲᠤᠰᠠᠯᠠᠪᠠ᠃ ᠡᠭᠦᠨ ᠤ ᠳᠣᠲᠣᠷ᠎ᠠ᠄ 2015 ᠣᠨ ᠳᠤ 46.08 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠤᠷᠢᠵᠢᠭᠤᠯᠵᠤ᠂ 2011 ᠣᠨ ᠤ ᠬᠢ ᠲᠠᠢ ᠠᠳᠠᠯᠢᠳᠬᠠᠪᠠᠯ 73.3% ᠪᠠᠷ ᠨᠡᠮᠡᠭᠳᠡᠨ᠂ ᠲᠡᠳᠬᠦᠨ | ᠲᠤᠰᠠᠯᠠᠭᠰᠠᠨ ᠰᠤᠷᠤᠭᠴᠢ ᠨᠢ 155 ᠲᠦᠮᠡᠨ ᠬᠥᠮᠦᠨ ᠤᠳᠠᠭ᠎ᠠ ᠳᠤ ᠬᠦᠷᠴᠦ᠂ 2011 ᠣᠨ ᠤ ᠬᠢ ᠲᠠᠢ | ᠠᠳᠠᠯᠢᠳᠬᠠᠪᠠᠯ 67.5% ᠪᠠᠷ ᠨᠡᠮᠡᠭᠳᠡᠪᠡ᠃ ᠢᠯᠠᠩᠭᠤᠶ᠎ᠠ 2012 ᠣᠨ ᠳᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠳᠤ ︽ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠠᠪᠤᠭᠰᠠᠨ ᠤ ᠳᠠᠷᠠᠭ᠎ᠠ᠂ | ᠮᠠᠨ ᠤ ᠣᠷᠣᠨ ᠪᠦᠬᠦ ᠤᠯᠤᠰ ᠲᠤ ᠬᠠᠮᠤᠭ ᠤᠷᠢᠳᠠᠪᠠᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠦᠢᠳᠬᠡᠯ ᠬᠤᠷᠢᠶᠠᠬᠤ ᠥᠭᠡᠢ ᠰᠤᠷᠭᠠᠨ ᠬᠥᠮᠦᠵᠢᠯ ᠢ ᠪᠡᠶᠡᠯᠡᠭᠦᠯᠵᠦ᠂ ᠵᠢᠯ ᠪᠦᠷᠢ ᠪᠠᠷᠤᠭ 70 ᠲᠦᠮᠡ | ᠰᠢᠬᠠᠮ ᠰᠤᠷᠤᠭᠴᠢ ᠠᠰᠢᠭ ᠬᠦᠷᠲᠡᠪᠡ︔ 2014 — 2015 ᠣᠨ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠭᠡᠷ | ᠪᠦᠯᠢ ᠶᠢᠨ ᠡᠩ ᠤᠨ ᠳᠡᠭᠡᠳᠦ ᠰᠤᠷᠭᠠᠭᠤᠯᠢ ᠳᠤ ᠣᠷᠤᠭᠰᠠᠨ ᠰᠤᠷᠤᠭᠴᠢᠳ ᠲᠤ 14.7 ᠳ᠋ᠦᠩᠰᠢᠭᠤᠷ ᠲᠥᠭᠦᠷᠢᠭ | ᠳᠡᠳᠬᠦᠨ ᠲᠤᠰᠠᠯᠠᠵᠤ᠂ ᠨᠡᠶᠢᠲᠡ 4.02 ᠲᠦᠮᠡᠨ ᠤᠶᠤᠲᠠᠳ ᠠᠰᠢᠭ ᠬᠦᠷᠲᠡᠪᠡ︔ 2015 ᠣᠨ ᠳᠤ | ᠥᠪᠡᠷᠲᠡᠭᠡᠨ ᠵᠠᠰᠠᠬᠤ ᠣᠷᠣᠨ ᠤ ᠨᠤᠲᠤᠭ ᠲᠠᠢ ᠥᠨᠥᠴᠢᠨ ᠬᠡᠦᠬᠡᠳ ᠢ ᠴᠦ ᠳᠡᠳᠭᠦᠨ ᠲᠤᠰᠠᠯᠠᠬᠤ | ᠬᠡᠪᠴᠢᠶᠡᠨ ᠳᠡᠭᠡᠨ ᠣᠷᠤᠭᠤᠯᠵᠤ ᠂ ᠨᠢᠭᠡᠨᠲᠡ 140 ᠭᠠᠷᠤᠶ ᠥᠨᠥᠴᠢᠨ ᠬᠡᠦᠬᠡᠳ ᠲᠤᠰᠠᠯᠠᠮᠵᠢ ᠬᠦᠷᠲᠡᠪᠡ᠃ | ᠣᠶᠢᠯᠠᠭᠠᠭᠰᠠᠨ ᠢᠶᠠᠷ᠂ ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ | ᠲᠠᠯ᠎ᠠ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠪᠠᠭᠰᠢ ᠶᠢ ᠳᠡᠮᠵᠢᠬᠦ | ᠲᠥᠯᠥᠪᠯᠡᠭᠡ ︵2015 — 2020 ᠣᠨ︶ ᠶᠢ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ | ᠠᠶᠢᠮᠠᠭ ᠬᠤᠳᠠ ︵ᠶᠡᠭᠡ ᠳᠡᠭᠡᠳᠦ ᠰᠤᠷᠭᠠᠭᠤᠯᠢ︶ ᠶᠢᠨ ᠠᠵᠢᠯ ᠠᠴᠠ ᠪᠠᠨ ᠪᠠᠭᠤᠭᠰᠠᠨ ᠰᠢᠯᠢᠳᠡᠭ ᠪᠠᠭᠰᠢ ᠨᠠᠷ ᠢ | ᠤᠷᠢᠵᠤ ᠠᠵᠢᠯ ᠲᠦᠷᠦᠯ ᠤᠨ ᠰᠢᠰᠲ᠋ᠧᠮ ᠢᠶᠠᠷ ᠬᠦᠳᠡᠭᠡ ᠲᠤᠰᠬᠤᠨ ᠤ ᠰᠤᠷᠭᠠᠨ ᠬᠦᠮᠦᠵᠢᠯ ᠢ ᠳᠡᠮᠵᠢᠬᠦ | ᠲᠥᠯᠥᠪᠯᠡᠭᠡ ᠶᠢ ᠡᠬᠢᠯᠡᠭᠦᠯᠪᠡ᠃ 2015 ᠣᠨ ᠤ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢᠨ ᠲᠥᠯᠥᠪᠯᠡᠭᠡ︾ | ᠨᠢ 4 ᠠᠶᠢᠮᠠᠭ ᠬᠤᠳᠠ ᠶᠢᠨ 8 ᠬᠤᠰᠢᠭᠤ ᠰᠢᠶᠠᠨ ︵ᠬᠤᠲᠠ᠂ ᠲᠣᠭᠤᠷᠢᠭ︶ ᠤ ᠮᠠᠯᠵᠢᠬᠤ ᠲᠠᠷᠢᠶᠠᠯᠠᠬᠤ ᠣᠷᠣᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ 400 ᠪᠠᠭᠰᠢ ᠶᠢ ᠢᠯᠡ ᠪᠠᠷ ᠡᠯᠰᠡᠪᠡ︔ ᠬᠤᠶᠠᠷ | ᠠᠶᠢᠮᠠᠭ ᠬᠤᠳᠠ ᠶᠢᠨ 8 ᠬᠤᠰᠢᠭᠤ ᠰᠢᠶᠠᠨ ︵ᠬᠤᠲᠠ᠂ ᠲᠣᠭᠤᠷᠢᠭ︶ ᠤ 9700 ᠰᠢᠬᠠᠮ ᠪᠠᠭᠰᠢ ᠨᠠᠷ ︽ | ᠤᠯᠤᠰ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ | ᠪᠠᠭᠰᠢ ᠶᠢᠨ ᠨᠦᠬᠦᠪᠦᠷᠢ︾ ᠶᠢ ᠬᠦᠷᠲᠡᠪᠡ︔ ᠪᠦᠬᠦ ᠣᠷᠣᠨ ᠤ ᠬᠥᠳᠡᠭᠡ ᠲᠣᠰᠬᠤᠨ ᠤ 100 ᠰᠢᠯᠢᠳᠡᠭ ᠪᠠᠭᠰᠢ᠂ | 20 ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾ ᠶᠢ ᠰᠠᠶᠢᠰᠢᠶᠠᠨ ᠬᠦᠬᠢᠭᠦᠯᠵᠦ᠂ ᠬᠥᠳᠡᠭᠡ ᠲᠣᠰᠬᠤᠨ ᠤ | ᠪᠠᠭᠰᠢ ᠨᠠᠷ ᠤᠨ ᠢᠷᠠᠭᠤ ᠠᠯᠳᠠᠷᠲᠤ ᠰᠡᠳᠭᠢᠯᠭᠡ ᠶᠢ ᠤᠯᠠᠮ ᠨᠡᠮᠡᠭᠳᠡᠭᠦᠯᠪᠡ᠃ |