︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠪᠦᠬᠦ ᠤᠷᠤᠨ ᠤ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠱᠠᠲᠤᠨ ᠳᠤ ᠡᠯ᠎ᠡ ᠲᠦᠷᠦᠯ ᠤᠨ ᠲᠤᠰᠠᠯᠠᠮᠵᠢ ᠶᠢᠨ ᠮᠦᠡᠭᠭᠦ ᠶᠢ ᠨᠡᠶᠢᠲᠡ 183.1 | ᠳ᠋ᠦᠡᠭᠰᠢᠭᠤᠷ ᠲᠦᠭᠦᠷᠢᠭ ᠨᠠᠶᠢᠳᠠᠪᠤᠷᠢᠵᠢᠭᠤᠯᠵᠤ᠂ ᠲᠤᠰᠠᠯᠠᠭᠰᠠᠨ ᠰᠤᠷᠤᠭᠴᠢ ᠶᠢᠨ ᠲᠤᠭ᠎ᠠ ᠨᠢ 723 ᠲᠦᠮᠡᠨ | ᠬᠦᠮᠦᠨ ᠤᠳᠠᠭ᠎ᠠ ᠳᠤ ᠬᠦᠷᠪᠡ᠃ ᠡᠬᠦᠨ ᠳᠤ᠂ 2015 ᠣᠨ ᠳᠤ 46.08 ᠳ᠋ᠦᠡᠭᠰᠢᠭᠤᠷ ᠲᠥᠭᠦᠷᠢᠭ | ᠨᠠᠶᠢᠳᠠᠪᠤᠷᠢᠵᠢᠭᠤᠯᠵᠤ᠂ 2011 ᠣᠨ ᠤ ᠬᠢ ᠠᠴᠠ 73.3% ᠪᠠᠷ ᠨᠡᠮᠡᠭᠳᠡᠪᠡ︔ ᠲᠤᠰᠠᠯᠠᠭᠰᠠᠨ ᠰᠤᠷᠤᠭᠴᠢ ᠶᠢᠨ | ᠲᠤᠭ᠎ᠠ ᠨᠢ 155 ᠲᠦᠮᠡᠨ ᠬᠥᠮᠦᠨ ᠤᠳᠠᠭ᠎ᠠ ᠳᠤ ᠬᠦᠷᠴᠦ᠂ 2011 ᠣᠨ ᠤ ᠬᠢ ᠠᠴᠠ 67.5% ᠪᠠᠷ | ᠨᠡᠮᠡᠭᠳᠡᠪᠡ᠃ ᠢᠯᠠᠩᠭᠤᠶ᠎ᠠ 2012 ᠣᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ︽ | ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠨᠡᠶᠢᠲᠡᠯᠡᠭᠳᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠪᠦᠬᠦ ᠤᠯᠤᠰ ᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠦᠢᠳᠬᠡᠯ ᠬᠤᠷᠢᠶᠠᠬᠤ | ᠥᠭᠡᠢ ᠰᠤᠷᠭᠠᠨ ᠬᠥᠮᠦᠵᠢᠯ ᠢ ᠲᠦᠷᠦᠭᠦᠯᠡᠨ ᠪᠡᠶᠡᠯᠡᠭᠦᠯᠦᠭᠡᠳ᠂ ᠵᠢᠯ ᠪᠦᠷᠢ ᠪᠠᠷᠤᠭ 70 ᠲᠦᠮᠡ ᠰᠢᠬᠠᠮ | ᠰᠤᠷᠤᠭᠴᠢ ᠳᠤ ᠠᠰᠢᠭ ᠬᠦᠷᠲᠡᠭᠡᠪᠡ︔ 2014 — 2015 ᠣᠨ ᠳᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠭᠡᠷ ᠪᠦᠯᠢ ᠶᠢᠨ | ᠡᠩ ᠤᠨ ᠶᠡᠭᠡ ᠳᠡᠭᠡᠳᠦ ᠰᠤᠷᠭᠠᠭᠤᠯᠢ ᠳᠤ ᠳᠡᠪᠰᠢᠬᠦ ᠰᠢᠨ᠎ᠡ ᠰᠤᠷᠤᠭᠴᠢᠳ ᠲᠤ 14.7 ᠳ᠋ᠦᠡᠭᠰᠢᠭᠤᠷ | ᠲᠥᠭᠦᠷᠢᠭ ᠤᠨ ᠪᠡᠯᠠ ᠮᠥᠩᠭᠦᠨ ᠤ ᠲᠤᠰᠠᠯᠠᠮᠵᠢ ᠦᠵᠡᠭᠦᠯᠦᠨ᠂ ᠨᠡᠶᠢᠲᠡ 4.02 ᠲᠦᠮᠡᠨ ᠤᠶᠤᠲᠠᠨ ᠳᠤ ᠠᠰᠢᠭ | ᠬᠦᠷᠲᠡᠭᠡᠪᠡ︔ 2015 ᠣᠨ ᠳᠤ ᠪᠠᠰᠠ ᠥᠪᠡᠷᠲᠡᠭᠡᠨ ᠵᠠᠰᠠᠬᠤ ᠣᠷᠣᠨ ᠤ ᠬᠠᠷᠢᠶᠠᠯᠠᠯ ᠲᠠᠢ ᠥᠨᠥᠴᠢᠨ ᠬᠡᠦᠬᠡᠳ ᠢ | ᠲᠤᠰᠠᠯᠠᠬᠤ ᠬᠦᠷᠢᠶ᠎ᠡ ᠬᠡᠪᠴᠢᠶᠡᠨ ᠳᠤ ᠤᠷᠤᠭᠤᠯᠵᠤ᠂ ᠨᠢᠭᠡᠨᠲᠡ 140 ᠭᠠᠷᠤᠶ ᠥᠨᠥᠴᠢᠨ ᠣᠶᠤᠲᠠᠨ ᠳᠤ | ᠲᠤᠰᠠᠯᠠᠮᠵᠢ ᠬᠦᠷᠲᠡᠭᠡᠪᠡ᠃ ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ | ᠲᠠᠯ᠎ᠠ ᠪᠠᠷ᠂ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ︵2015 — 2020 ᠣᠨ︶ ᠶᠢ ᠬᠡᠷᠡᠭᠵᠢᠭᠦᠯᠬᠦ | ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠠᠶᠢᠮᠠᠭ ᠬᠤᠳᠠ ︵ᠳᠡᠭᠡᠲᠦ ᠰᠤᠷᠭᠠᠭᠤᠯᠢ︶ ᠶᠢᠨ ᠠᠵᠢᠯ ᠠᠴᠠ ᠪᠠᠨ | ᠪᠠᠭᠤᠭᠰᠠᠨ ᠰᠢᠯᠢᠳᠡᠭ ᠪᠠᠭᠰᠢ ᠨᠠᠷ ᠤᠨ ᠠᠵᠢᠯ ᠲᠦᠷᠦᠯ ᠢᠶᠠᠷ ᠢᠶᠠᠨ ᠬᠦᠳᠡᠭᠡ ᠲᠤᠰᠬᠤᠨ ᠤ ᠰᠤᠷᠭᠠᠨ ᠬᠦᠮᠦᠵᠢᠯ ᠢ | ᠳᠡᠮᠵᠢᠬᠦ ᠲᠥᠯᠥᠪᠯᠡᠭᠡ ᠶᠢ ᠡᠬᠢᠯᠡᠭᠦᠯᠪᠡ᠃ 2015 ᠣᠨ ᠳᠤ ︽ᠣᠨᠴᠣᠭᠤᠶ ᠠᠵᠢᠯ ᠤᠨ ᠪᠠᠶᠢᠷᠢ ᠶᠢᠨ ᠪᠠᠭᠰᠢ ᠶᠢᠨ | ᠲᠥᠯᠥᠪᠯᠡᠭᠡ︾ ᠪᠠᠷ᠂ 4 ᠠᠶᠢᠮᠠᠭ ᠬᠤᠳᠠ ᠶᠢᠨ 8 ᠬᠤᠰᠢᠭᠤ ᠰᠢᠶᠠᠨ ︵ᠬᠤᠲᠠ ᠲᠣᠭᠤᠷᠢᠭ︶ ᠤ ᠮᠠᠯᠵᠢᠬᠤ | ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ 400 ᠪᠠᠭᠰᠢ ᠶᠢ | ᠢᠯᠡ ᠪᠠᠷ ᠡᠯᠰᠡᠪᠡ︔ 2 ᠠᠶᠢᠮᠠᠭ ᠬᠤᠳᠠ ᠶᠢᠨ 8 ᠬᠤᠰᠢᠭᠤ ᠰᠢᠶᠠᠨ ︵ᠬᠤᠲᠠ ᠲᠣᠭᠤᠷᠢᠭ︶ ᠤ 9700 | ᠭᠠᠷᠤᠢ ᠪᠠᠭᠰᠢ ︽ᠤᠯᠤᠰ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠤ ᠬᠥᠳᠡᠭᠡ | ᠲᠣᠰᠬᠤᠨ ᠤ ᠪᠠᠭᠰᠢ ᠶᠢᠨ ᠨᠦᠬᠦᠪᠦᠷᠢ︾ ᠶᠢ ᠬᠦᠷᠲᠡᠪᠡ︔ ᠪᠦᠬᠦ ᠣᠷᠣᠨ ᠤ ᠬᠥᠳᠡᠭᠡ ᠲᠣᠰᠬᠤᠨ ᠤ 100 ᠨᠡᠷ᠎ᠡ | ᠰᠢᠯᠢᠳᠡᠭ ᠪᠠᠭᠰᠢ᠂ 20 ᠨᠡᠷ᠎ᠡ ᠰᠢᠯᠢᠳᠡᠭ ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾ ᠶᠢ ᠰᠠᠶᠢᠰᠢᠶᠠᠨ | ᠬᠥᠬᠢᠭᠦᠯᠵᠦ᠂ ᠬᠥᠳᠡᠭᠡ ᠲᠣᠰᠬᠤᠨ ᠤ ᠪᠠᠭᠰᠢ ᠨᠠᠷ ᠤᠨ ᠬᠦᠷᠲᠡᠭᠡᠮᠵᠢ ᠶᠢᠨ ᠲᠦᠷᠦᠭᠳᠡᠯ ᠢ ᠤᠯᠠᠮ ᠨᠢᠭᠡ ᠠᠯᠬᠤᠮ | ᠨᠡᠮᠡᠭᠳᠡᠭᠦᠯᠦᠭᠰᠡᠨ ᠪᠠᠶᠢᠨ᠎ᠠ᠃ |