ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠣᠷᠴᠢᠮᠬᠠᠨ ᠳᠤ ᠵᠠᠯᠭᠠᠯᠳᠤᠭᠠᠪᠠᠷ 2015 ᠣᠨ ᠤ ᠳᠥᠷᠪᠡᠳᠦᠭᠡᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢ ᠬᠦᠯᠢᠶᠡᠨ ᠠᠪᠤᠭᠰᠠᠨ ᠷᠠᠰᠢᠶᠠᠨ ᠬᠤᠳᠠ᠂ ᠰᠢᠯᠤᠭᠤᠨ ᠬᠥᠬᠡ ᠬᠤᠰᠢᠭᠤ ᠵᠡᠷᠭᠡ 20 ᠬᠤᠰᠢᠭᠤ | ᠰᠢᠶᠠᠨ ᠬᠤᠲᠠ ᠲᠣᠭᠤᠷᠢᠭ ᠲᠤ ᠲᠣᠭᠤᠷᠢᠨ ᠪᠠᠶᠢᠴᠠᠭᠠᠭᠰᠠᠨ ᠪᠠᠶᠢᠳᠠᠯ ᠶᠢᠨ ᠬᠠᠷᠢᠭᠤ ᠲᠤᠰᠬᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ 2015 ᠣᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ | ᠨᠢ 2015 ᠤᠨ ᠤ 12 ᠳ᠋ᠤᠭᠠᠷ ᠰᠠᠷ᠎ᠠ ᠶᠢᠨ ᠡᠬᠢᠨ ᠠᠴᠠ ᠡᠬᠢᠯᠡᠨ 2016 ᠤᠨ ᠤ 1 ᠳ᠋ᠦ᠋ᠭᠡᠷ ᠰᠠᠷ᠎ᠠ ᠶᠢᠨ | ᠡᠴᠦᠰ ᠢᠶᠠᠷ ᠳᠠᠭᠤᠰᠪᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ 7 ᠲᠣᠭᠤᠷᠢᠨ ᠪᠠᠶᠢᠴᠠᠭᠠᠬᠤ | ᠳᠤᠭᠤᠶᠢᠯᠠᠩ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠭᠠᠵᠠᠷ ᠣᠷᠣᠨ ᠨᠠᠮ ᠢ ᠬᠠᠮᠢᠶᠠᠷᠤᠨ ᠨᠠᠮ ᠢ ᠵᠠᠰᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠴᠢᠩᠭ᠎ᠠ ᠪᠤᠰᠤ ᠪᠠᠶᠢᠭ᠎ᠠ᠂ ᠭᠤᠣᠯᠳᠠᠯᠭ᠎ᠠ ᠲᠠᠢ ᠬᠦᠷᠢᠶᠡᠨ ᠳᠤ | ᠢᠯᠵᠠᠷᠠᠯ ᠤᠨ ᠠᠰᠠᠭᠤᠳᠠᠯ ᠬᠢᠯᠪᠠᠷᠬᠠᠨ ᠡᠭᠦᠰᠴᠦ ᠤᠯᠠᠨ ᠭᠠᠷᠴᠤ ᠪᠠᠶᠢᠭ᠎ᠠ᠂ ᠵᠣᠬᠢᠶᠠᠨ ᠪᠠᠶᠢᠭᠤᠯᠤᠯᠲᠠ ᠶᠢᠨ | ᠵᠠᠷᠴᠢᠮ ᠢ ᠬᠠᠮᠢᠶᠠᠷᠤᠯ ᠦᠭᠡᠢ ᠪᠠᠷ ᠲᠣᠭᠲᠠᠭᠠᠯ ᠠᠴᠠ ᠵᠥᠷᠢᠴᠡᠨ ᠺᠠᠳ᠋ᠷ ᠢ ᠳᠡᠪᠰᠢᠭᠦᠯᠦᠭᠰᠡᠨ᠂ ︽ᠳᠥᠷᠪᠡᠨ ᠰᠤᠷᠲᠠᠯ | ︾ ᠤᠨ ᠠᠰᠠᠭᠤᠳᠠᠯ ᠢ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠭ᠎ᠠ ᠵᠡᠷᠭᠡ ᠨᠡᠶᠢᠲᠡ 368 ᠠᠰᠠᠭᠤᠳᠠᠯ ᠢ | ᠤᠯᠵᠤ ᠮᠡᠳᠡᠵᠦ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ 738 | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠪᠠ᠃ | ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ︽ᠠᠰᠠᠭᠤᠳᠠᠯ ᠤᠨ ᠨᠠᠷᠢᠨ ᠳᠠᠩᠰᠠ︾ ᠶᠢ ᠦᠨᠳᠦᠰᠦᠯᠡᠪᠡᠯ᠂ | ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ 20 ᠬᠤᠰᠢᠭᠤ ᠰᠢᠶᠠᠨ ᠬᠤᠲᠠ ᠲᠣᠭᠤᠷᠢᠭ ᠲᠤ ᠣᠷᠣᠰᠢᠵᠤ ᠪᠠᠶᠢᠭ᠎ᠠ | ᠠᠰᠠᠭᠤᠳᠠᠯ ᠪᠣᠯ ᠭᠤᠣᠯᠳᠠᠭᠤ᠄ ᠵᠠᠷᠢᠮ ᠭᠠᠵᠠᠷ ᠣᠷᠣᠨ ᠤ ᠨᠠᠮ ᠤᠨ ᠬᠤᠷᠢᠶ᠎ᠠ ᠨᠠᠮ ᠢ ᠬᠠᠮᠢᠶᠠᠷᠬᠤ ᠨᠠᠮ ᠢ ᠵᠠᠰᠠᠬᠤ ᠶᠢ | ᠤᠳᠤᠷᠢᠳᠬᠤ ᠭᠤᠤᠯᠯᠠᠭᠴᠢ ᠶᠢᠨ ᠦᠢᠯᠡᠳᠦᠯ ᠢᠶᠠᠨ ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ᠂ ᠨᠠᠮ ᠤᠨ | ᠤᠳᠤᠷᠢᠳᠤᠯᠭ᠎ᠠ ᠨᠢ ᠰᠤᠯᠠᠷᠠᠵᠤ᠂ ᠨᠠᠮ ᠤᠨ ᠪᠦᠲᠦᠭᠡᠨ ᠪᠠᠶᠢᠭᠤᠯᠤᠯᠲᠠ ᠨᠢ ᠵᠡᠮᠳᠡᠭᠷᠡᠵᠦ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠲᠠᠯ᠎ᠠ ᠪᠠᠷ ᠡᠷᠴᠢᠮ ᠦᠭᠡᠢ ᠪᠠᠶᠢᠬᠤ︔ ᠵᠠᠷᠢᠮ ᠤᠳᠤᠷᠢᠳᠬᠤ ᠺᠠᠳ᠋ᠷ ᠤᠳ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠ ᠭᠠᠵᠠᠷ ᠰᠢᠷᠣᠶ ᠶᠢ ᠰᠢᠯᠵᠢᠭᠦᠯᠦᠨ ᠦᠭᠬᠦ ᠳᠤ ᠲᠣᠭᠲᠠᠭᠠᠯ ᠠᠴᠠ ᠵᠥᠷᠢᠴᠡᠨ ᠭᠠᠷ ᠳᠦᠷᠦᠴᠦ᠂ | ᠠᠰᠢᠭ ᠲᠤᠰᠠ ᠳᠠᠮᠵᠢᠭᠤᠯᠤᠨ ᠬᠦᠷᠭᠡᠵᠦ ᠪᠠᠶᠢᠬᠤ︔ ᠵᠠᠷᠢᠮ ᠭᠠᠵᠠᠷ ᠣᠷᠣᠨ ᠤ ᠡᠳ᠋ ᠤᠨ ᠶᠠᠪᠤᠳᠠᠯ ᠤᠨ | ᠬᠠᠮᠢᠶᠠᠷᠤᠯᠲᠠ ᠨᠢ ᠴᠢᠩᠭ᠎ᠠ ᠪᠤᠰᠤ᠂ ᠲᠤᠰᠬᠠᠶ ᠪᠡᠯᠡ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ᠂ ᠭᠠᠵᠠᠷ | ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ ᠲᠣᠭᠲᠠᠭᠠᠯ ᠠᠴᠠ ᠵᠥᠷᠢᠴᠡᠨ ᠪᠤᠴᠠᠭᠠᠵᠤ ᠦᠭᠴᠦ ᠪᠠᠶᠢᠬᠤ︔ | ᠵᠠᠷᠢᠮ ᠭᠠᠴᠠᠭᠠᠨ ᠤ ᠺᠠᠳ᠋ᠷ ᠤᠳ ︽ᠦᠩᠭᠡᠷᠡᠬᠦ ᠭᠠᠯᠠᠭᠤᠨ ᠤ ᠦᠳᠦ ᠶᠢ ᠨᠢ ᠰᠤᠭᠤᠯᠬᠤ︾᠂ ᠬᠤᠳᠠᠯ ᠢᠶᠠᠷ | ᠮᠡᠳᠡᠭᠦᠯᠵᠦ ᠬᠠᠭᠤᠷᠮᠠᠭᠯᠠᠨ ᠠᠪᠬᠤ᠂ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ | ᠮᠦᠩᠭᠦ ᠶᠢ ᠮᠡᠬᠡᠯᠡᠨ ᠠᠪᠬᠤ᠂ ᠬᠥᠳᠡᠭᠡ ᠲᠣᠰᠬᠤᠨ ᠤ ᠬᠠᠮᠲᠤ ᠨᠡᠶᠢᠲᠡ ᠶᠢᠨ ︽ᠭᠤᠷᠪᠠᠨ ᠪᠡᠯᠠ︾ ᠶᠢ | ᠲᠣᠭᠲᠠᠭᠠᠯ ᠠᠴᠠ ᠵᠥᠷᠢᠴᠡᠨ ᠰᠢᠢᠳᠪᠦᠷᠢᠯᠡᠬᠦ ᠵᠡᠷᠭᠡ ᠠᠰᠠᠭᠤᠳᠠᠯ ᠪᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ | ᠬᠤᠷᠢᠶ᠎ᠠ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠬᠢᠨᠠᠮᠠᠭᠠᠶ | ᠲᠤᠱᠠᠯᠠᠭᠤᠯᠵᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠨᠠᠶᠢᠳᠠᠪᠤᠷᠢᠵᠢᠭᠤᠯᠬᠤ | ᠳᠦᠷᠢᠮ ᠤᠨ ᠰᠢᠰᠲ᠋ᠧᠮᠵᠢ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠡᠷᠴᠢᠮᠲᠡᠢ ᠪᠠᠶᠢᠭᠤᠯᠤᠨ | ᠲᠡᠭᠦᠯᠳᠡᠷᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠰᠦᠪᠡᠭᠴᠢ ᠶᠢ ᠬᠢᠨᠠᠨ ᠬᠠᠷᠭᠤᠭᠤᠯᠬᠤ ᠬᠢᠨᠠᠨ | ᠪᠠᠶᠢᠴᠠᠭᠠᠬᠤ ᠶᠢ ᠲᠦᠯᠬᠢᠨ ᠠᠬᠢᠭᠤᠯᠬᠤ ᠬᠡᠷᠡᠭᠲᠡᠢ︔ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ | ᠴᠢᠩᠭ᠎ᠠ ᠮᠦᠷᠳᠡᠵᠦ᠂ ᠬᠠᠷᠢᠭᠤᠴᠠᠯᠭ᠎ᠠ ᠲᠠᠢ ᠬᠦᠮᠦᠨ ᠢ ᠨᠢ ᠲᠤᠳᠤᠷᠬᠠᠶᠢᠯᠠᠵᠤ᠂ ᠴᠠᠭ ᠤᠨ ᠬᠤᠪᠢᠶᠠᠷᠢ ᠲᠣᠭᠲᠠᠭᠠᠵᠤ᠂ | ᠭᠦᠢᠴᠡᠳᠬᠡᠵᠦ ᠳᠠᠭᠤᠰᠬᠠᠬᠤ ᠬᠢᠵᠠᠭᠠᠷ ᠬᠤᠭᠤᠴᠠᠭ᠎ᠠ ᠲᠤᠭᠲᠠᠭᠠᠵᠤ᠂ ᠰᠦᠪᠡᠭᠴᠢ ᠶᠢ ᠦᠨᠡᠨ ᠬᠦ ᠪᠠᠶᠢᠴᠠᠭᠠᠨ | ᠲᠤᠳᠤᠯᠵᠤ᠂ ᠠᠰᠠᠭᠤᠳᠠᠯ ᠢ ᠣᠨᠣᠪᠴᠢᠲᠠᠶ ᠡᠷᠢᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠶ︔ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠤᠨ | ᠢᠯᠵᠠᠷᠠᠯ ᠢ ᠤᠷᠢᠳᠴᠢᠯᠠᠨ ᠰᠡᠷᠭᠡᠶᠢᠯᠡᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠬᠢ ᠪᠠᠶᠠᠯᠢᠭ ᠢ ᠨᠡᠭᠡᠭᠡᠨ | ᠠᠰᠢᠭᠯᠠᠬᠤ ᠵᠡᠷᠭᠡ ᠬᠦᠷᠢᠶᠡᠨ ᠳᠠᠬᠢ ᠬᠠᠮᠢᠶᠠᠷᠤᠯᠲᠠ ᠶᠢᠨ ᠠᠯᠳᠠᠰᠢ ᠶᠢ ᠭᠦᠨᠵᠡᠭᠡᠶ ᠪᠠᠶᠢᠴᠠᠭᠠᠨ ᠡᠷᠢᠵᠦ᠂ | ᠰᠢᠰᠲ᠋ᠧᠮᠵᠢᠭᠦᠯᠦᠨ ᠢᠵᠢ ᠪᠦᠷᠢᠯᠳᠦᠭᠦᠯᠬᠦ᠂ ᠪᠣᠳᠠᠲᠤ ᠡᠷᠬᠢᠮᠯᠡᠨ ᠬᠠᠮᠢᠶᠠᠷᠴᠤ ᠬᠡᠷᠡᠭᠯᠡᠬᠦ ᠳᠦᠷᠢᠮ ᠤᠨ ᠠᠷᠭ᠎ᠠ | ᠬᠡᠮᠵᠢᠶ᠎ᠡ ᠶᠢ ᠬᠢᠨᠠᠮᠠᠭᠠᠶ ᠰᠤᠳᠤᠯᠤᠨ ᠲᠣᠭᠲᠠᠭᠠᠵᠤ᠂ ᠳᠦᠷᠢᠮ ᠤᠨ ᠬᠤᠷᠢᠭ᠎ᠠ ᠶᠢ ᠨᠡᠩ ᠴᠢᠩᠭ᠎ᠠ ᠨᠡᠩ ᠨᠢᠭᠲᠠ ᠨᠡᠩ | ᠪᠠᠲᠤ ᠪᠤᠯᠭᠠᠵᠤ᠂ ᠲᠥᠷᠢᠮ ᠲᠣᠭᠲᠠᠭᠠᠯ ᠢᠶᠠᠷ ᠬᠦᠮᠦᠨ ᠢ ᠬᠠᠮᠢᠶᠠᠷᠬᠤ ᠡᠷᠬᠡ ᠶᠢ ᠬᠠᠮᠢᠶᠠᠷᠬᠤ ᠶᠠᠪᠤᠳᠠᠯ ᠢ | ᠬᠠᠮᠢᠶᠠᠷᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ |