ᠥᠪᠥᠷ ᠮᠣᠩᠭᠤᠯ ᠤᠨ ᠭᠠᠵᠠᠷ ᠰᠢᠷᠣᠶ ᠶᠢᠨ ᠬᠠᠩᠭᠠᠯᠭ᠎ᠠ ᠪᠠ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ ᠴᠢᠩᠭ᠎ᠠ ᠬᠢᠵᠠᠭᠠᠷᠯᠠᠵᠤ  3 ᠵᠢᠯ ᠤᠨ ᠳᠣᠲᠣᠷ᠎ᠠ ᠨᠡᠭᠦᠷᠡᠰᠦᠨ ᠠᠭᠤᠷᠬᠠᠶ ᠰᠢᠨ᠎ᠡ ᠪᠠᠷ ᠪᠠᠶᠢᠭᠤᠯᠬᠤ ᠬᠢᠨᠠᠨ ᠵᠦᠪᠰᠢᠶᠡᠷᠡᠯ ᠢ ᠵᠠᠷᠴᠢᠮ ᠳᠡᠭᠡᠷ᠎ᠡ ᠪᠠᠨ ᠵᠤᠭᠰᠤᠭᠠᠨ᠎ᠠ
ᠨᠡᠶᠢᠲᠡᠯᠡᠭᠰᠡᠨ ᠴᠠᠭ᠄
2016/5/26
     ᠥᠪᠥᠷ ᠮᠣᠩᠭᠤᠯ ᠤᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠣᠷᠴᠢᠮᠬᠠᠨ ︽ᠦᠢᠯᠡᠳᠪᠦᠷᠢᠯᠡᠬᠦ ᠴᠢᠳᠠᠪᠤᠷᠢ ᠬᠥᠮᠥᠷᠭᠡ ᠶᠢᠨ ᠬᠠᠳᠠᠭᠠᠯᠠᠮᠵᠢ ᠶᠢ ᠦᠭᠡᠶᠢᠰᠭᠡᠨ ᠥᠪᠡᠷ ᠤᠨ ᠥᠷᠲᠡᠭ ᠢ ᠪᠠᠭᠤᠷᠠᠭᠤᠯᠵᠤ ᠳᠤᠲᠠᠭᠤᠳᠠᠯ ᠢ ᠨᠥᠬᠦᠪᠥᠷᠢᠯᠡᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠰᠠᠨᠠᠯ︾᠎ ᠢ ᠨᠡᠶᠢᠲᠡᠯᠡᠵᠦ᠂ 12 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠭᠠᠵᠠᠷ ᠰᠢᠷᠣᠶ ᠶᠢᠨ ᠬᠠᠩᠭᠠᠯᠭ᠎ᠠ ᠪᠠ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ ᠴᠢᠩᠭ᠎ᠠ ᠬᠢᠵᠠᠭᠠᠷᠯᠠᠪᠠ᠃      ︽ᠰᠠᠨᠠᠯ︾᠎ ᠳᠤ ᠳᠤᠷᠠᠳᠤᠭᠰᠠᠨ ᠨᠢ᠂ ᠭᠠᠵᠠᠷ ᠰᠢᠷᠣᠶ ᠬᠠᠩᠭᠠᠬᠤ ︽ᠪᠣᠭᠤᠮᠲᠠ︾᠎ ᠶᠢ ᠴᠢᠩᠭ᠎ᠠ ᠠᠳᠬᠤᠵᠤ᠂ ᠦᠢᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠭᠦᠳᠡᠵᠦ ᠪᠠᠶᠢᠭ᠎ᠠ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ᠭᠠᠵᠠᠷ ᠰᠢᠷᠣᠶ ᠬᠠᠩᠭᠠᠬᠤ ᠶᠢ ᠴᠢᠩᠭ᠎ᠠ ᠴᠠᠭᠠᠵᠠᠯᠠᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠬᠡᠷᠡᠭᠯᠡᠬᠦ ᠭᠠᠵᠠᠷ ᠤᠨ ᠳᠡᠮᠵᠢᠯᠭᠡ ᠦᠵᠡᠭᠦᠯᠬᠦ ᠡᠷᠴᠢᠮ ᠢ ᠨᠡᠮᠡᠭᠳᠡᠭᠦᠯᠵᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠠᠭᠤᠷᠢ ᠪᠡᠯᠡᠳᠬᠡᠮᠵᠢ᠂ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠡᠭᠦᠷᠭᠡ᠂ ︽ᠠᠷᠪᠠ ᠶᠢ ᠪᠦᠷᠢᠨ ᠪᠦᠷᠬᠦᠭᠦᠯᠬᠦ︾ ᠵᠡᠷᠭᠡ ᠠᠷᠠᠳ ᠤᠨ ᠠᠮᠢᠳᠤᠷᠠᠯ ᠤᠨ ᠪᠠᠷᠢᠯᠭ᠎ᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠶ᠃ ᠭᠡᠷ ᠪᠠᠶᠢᠰᠢᠩ ᠭᠠᠵᠠᠷ ᠬᠥᠷᠤᠩᠭᠡ ᠶᠢᠨ ᠬᠡᠷᠡᠭᠯᠡᠬᠦ ᠭᠠᠵᠠᠷ ᠢ ᠲᠣᠬᠢᠷᠠᠭᠤᠯᠤᠨ ᠡᠵᠡᠮᠳᠡᠬᠦ ᠡᠷᠴᠢᠮ ᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠡᠷᠡᠭᠯᠡᠬᠦ ᠭᠠᠵᠠᠷ ᠤᠨ ᠭᠠᠵᠠᠷ ᠰᠢᠷᠣᠶ ᠠᠰᠢᠭᠯᠠᠬᠤ ᠣᠨ ᠤ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠲᠠ ᠪᠠ ᠲᠠᠸᠠᠷ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠬᠠᠩᠭᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ ᠭᠡᠪᠡ᠃      ︽ᠰᠠᠨᠠᠯ︾᠎ ᠳᠤ ᠪᠠᠰᠠ ᠨᠡᠭᠦᠷᠡᠰᠦᠨ ᠤ ᠠᠵᠢᠯ ᠲᠥᠷᠥᠯ ᠤᠨ ᠰᠢᠨ᠎ᠡ ᠪᠠᠷ ᠨᠡᠮᠡᠭᠳᠡᠭᠦᠯᠬᠦ ᠦᠢᠯᠡᠳᠪᠦᠷᠢᠯᠡᠬᠦ ᠴᠢᠳᠠᠪᠤᠷᠢ ᠶᠢ ᠴᠢᠩᠭ᠎ᠠ ᠬᠢᠵᠠᠭᠠᠷᠯᠠᠬᠤ ᠬᠡᠷᠡᠭᠲᠡᠢ ᠭᠡᠪᠡ᠃ ᠡᠨᠡ ᠵᠢᠯ ᠠᠴᠠ ᠡᠬᠢᠯᠡᠨ᠂ 3 ᠵᠢᠯ ᠤᠨ ᠳᠣᠲᠣᠷ᠎ᠠ ᠨᠡᠭᠦᠷᠡᠰᠦᠨ ᠠᠭᠤᠷᠬᠠᠶ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠬᠢᠨᠠᠨ ᠵᠦᠪᠰᠢᠶᠡᠷᠡᠬᠦ ᠶᠢ ᠵᠠᠷᠴᠢᠮ ᠳᠡᠭᠡᠷ᠎ᠡ ᠪᠠᠨ ᠵᠣᠭᠰᠣᠭᠠᠵᠤ᠂ ᠦᠨᠡᠨᠬᠦ ᠨᠡᠭᠦᠷᠡᠰᠦᠨ ᠠᠭᠤᠷᠬᠠᠶ ᠰᠢᠨ᠎ᠡ ᠪᠠᠷ ᠪᠠᠶᠢᠭᠤᠯᠬᠤ ᠴᠢᠬᠤᠯᠠ ᠲᠠᠢ ᠪᠤᠯ ᠴᠦᠮ ᠬᠡᠮᠵᠢᠶ᠎ᠡ ᠶᠢ ᠪᠠᠭᠠᠰᠬᠠᠵᠤ ᠰᠤᠯᠢᠬᠤ ᠶᠢ ᠬᠡᠷᠡᠭᠵᠢᠭᠦᠯᠦᠨ᠎ᠡ︔ ᠨᠡᠭᠦᠷᠡᠰᠦᠨ ᠤ ᠠᠭᠤᠷᠬᠠᠶ ᠶᠢᠨ ᠦᠢᠯᠡᠰ ᠤᠨ ᠡᠷᠬᠡ ᠶᠢᠨ ᠠᠷᠠᠯᠵᠢᠶ᠎ᠠ ᠶᠢ ᠴᠢᠩᠭ᠎ᠠ ᠬᠢᠵᠠᠭᠠᠷᠯᠠᠵᠤ᠂ ᠲᠣᠬᠢᠷᠠᠭᠤᠯᠬᠤ ᠶᠢ ᠭᠠᠷᠭᠠᠪᠠᠯ᠂ ᠳᠤᠮᠤ ᠬᠡᠯᠪᠡᠷᠢ ᠶᠢᠨ ᠨᠡᠭᠦᠷᠡᠰᠦ ᠤᠯᠠᠷᠢᠭᠤᠯᠬᠤ ᠲᠦᠷᠦᠯ ᠵᠦᠢᠯ ᠳᠤ ᠪᠦᠬᠦᠯᠢ ᠬᠤᠳᠳᠤᠭ ᠲᠤᠬᠢᠷᠠᠭᠤᠯᠬᠤ ᠶᠢ ᠭᠠᠷᠭᠠᠪᠠᠯ᠂ ᠨᠡᠭᠦᠷᠡᠰᠦᠨ ᠤ ᠡᠬᠢ ᠪᠠᠶᠠᠯᠢᠭ ᠢ ᠲᠣᠬᠢᠷᠠᠭᠤᠯᠬᠤ ᠪᠠᠷ ᠨᠢᠭᠡᠨᠲᠡ ᠵᠥᠪᠰᠢᠶᠡᠷᠡᠭᠰᠡᠨ ᠲᠦᠷᠦᠯ ᠵᠦᠢᠯ ᠳᠤ᠂ ᠴᠢᠳᠠᠬᠤ ᠶᠢᠨ ᠳᠣᠲᠣᠷ᠎ᠠ ᠴᠡᠪᠡᠷᠯᠡᠵᠦ ᠵᠢᠭᠡᠭᠦᠯᠦᠨ ᠠᠪᠤᠭᠰᠠᠨ ᠨᠡᠭᠦᠷᠡᠰᠦᠨ ᠤ ᠡᠬᠢ ᠪᠠᠶᠠᠯᠢᠭ ᠪᠠ ᠠᠵᠤ ᠠᠬᠤᠶᠢᠯᠠᠯ ᠤᠨ ᠭᠠᠷ ᠲᠤ ᠪᠠᠶᠢᠭ᠎ᠠ ᠨᠡᠭᠦᠷᠡᠰᠦᠨ ᠤ ᠡᠬᠢ ᠪᠠᠶᠠᠯᠢᠭ ᠤᠨ ᠠᠶᠤᠯ ᠲᠦᠭᠰᠢᠭᠦᠷᠢ ᠲᠠᠢ ᠠᠭᠤᠷᠬᠠᠶ ᠬᠠᠶᠢᠬᠤ ᠡᠷᠬᠡ ᠶᠢ ᠲᠤᠬᠢᠷᠠᠭᠤᠯᠬᠤ ᠬᠡᠷᠡᠭᠲᠡᠢ᠃ ᠨᠡᠭᠦᠷᠡᠰᠦᠨ ᠤ ᠠᠵᠢᠯ ᠲᠥᠷᠥᠯ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠴᠢᠷᠮᠠᠶᠢᠨ ᠰᠢᠭᠰᠢᠵᠦ᠂ ᠡᠬᠢ ᠪᠠᠶᠠᠯᠢᠭ ᠬᠤᠭᠤᠰᠤᠷᠠᠭᠰᠠᠨ ᠨᠡᠭᠦᠷᠡᠰᠦᠨ ᠠᠭᠤᠷᠬᠠᠶ ᠶᠢ 3 ᠵᠢᠯ ᠤᠨ ᠳᠣᠲᠣᠷ᠎ᠠ ᠠᠯᠬᠤᠮ ᠠᠯᠬᠤᠮ ᠢᠶᠠᠷ ᠤᠬᠤᠷᠢᠨ ᠭᠠᠷᠭᠠᠯᠭᠠᠵᠤ᠂ ᠦᠢᠯᠡᠳᠪᠦᠷᠢᠯᠡᠬᠦ ᠴᠢᠳᠠᠪᠤᠷᠢ ᠨᠢ 60 ᠲᠦᠮᠡᠨ ᠲᠣᠨ ᠠᠴᠠ ᠪᠠᠭ᠎ᠠ ᠨᠡᠭᠦᠷᠡᠰᠦᠨ ᠠᠭᠤᠷᠬᠠᠶ ᠶᠢ 3 ᠵᠢᠯ ᠤᠨ ᠳᠣᠲᠣᠷ᠎ᠠ ᠲᠥᠷᠥᠯ ᠬᠤᠪᠢᠶᠠᠨ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号