ᠥᠪᠥᠷ ᠮᠣᠩᠭᠤᠯ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠤᠪᠢ ᠪᠣᠳᠣᠬᠤ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/5/26
     ᠵᠤᠷᠰᠢᠯ ᠶᠣᠰᠣᠭᠠᠷ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ 6 ᠳ᠋ᠤᠭᠠᠷ ᠰᠠᠷ᠎ᠠ ᠶᠢᠨ 23᠎ ᠤ ᠡᠳᠦᠷ ᠨᠡᠶᠢᠲᠡᠯᠡᠨ᠎ᠡ᠂ ᠮᠠᠨ ᠤ ᠣᠷᠣᠨ ᠤ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠤᠪᠢ ᠪᠤᠳᠤᠬᠤ ᠠᠷᠭ᠎ᠠ ᠬᠤᠪᠢᠷᠠᠬᠤ ᠦᠭᠡᠢ᠂ ᠭᠡᠪᠡᠴᠦ ᠡᠯ᠎ᠡ ᠲᠦᠷᠦᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠮᠡᠬᠦ ᠨᠢ ᠶᠡᠷᠦᠩᠬᠡᠶ ᠬᠤᠪᠢ ᠲᠠᠢ ᠲᠡᠩᠴᠡᠨ᠎ᠡ ᠭᠡᠰᠡᠨ ᠶᠠᠪᠤᠳᠠᠯ ᠪᠤᠰᠤ᠃  ᠣᠶᠢᠯᠠᠭᠠᠭᠰᠠᠨ ᠢᠶᠠᠷ᠂ ᠰᠢᠯᠭᠠᠯᠲᠠ ᠶᠢᠨ ᠬᠢᠴᠢᠶᠡᠯ ᠲᠦᠷᠦᠯ ᠢ ᠪᠠᠶᠢᠭᠠᠯᠢ᠂ ᠨᠡᠶᠢᠭᠡᠮ ᠬᠤᠶᠠᠷ ᠶᠡᠭᠡ ᠲᠥᠷᠥᠯ ᠎ ᠢᠶᠠᠷ ᠲᠣᠬᠢᠷᠠᠭᠤᠯᠵᠤ᠂ ︽3 + ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ︾ ᠬᠢᠴᠢᠶᠡᠯ ᠲᠥᠷᠥᠯ ᠤᠨ ᠲᠣᠬᠢᠷᠠᠭᠤᠯᠤᠯᠲᠠ ᠶᠢᠨ ᠲᠥᠰᠦᠯ ᠢ ᠬᠡᠷᠡᠭᠵᠢᠭᠦᠯᠦᠨ᠎ᠡ᠃ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠰᠢᠯᠭᠠᠯᠲᠠ ᠶᠢᠨ ᠬᠢᠴᠢᠶᠡᠯ ᠲᠥᠷᠥᠯ ᠨᠢ᠄ ᠬᠡᠯᠡ ᠪᠢᠴᠢᠭ ︵ᠰᠣᠯᠣᠩᠭᠤᠰ ᠬᠡᠯᠡ ᠪᠢᠴᠢᠭ︶᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠭ᠎ᠠ ᠪᠣᠳᠣᠯᠭ᠎ᠠ᠂ ᠭᠠᠳᠠᠭᠠᠳᠤ ᠬᠡᠯᠡ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠲᠥᠷᠥᠯ ᠪᠣᠯᠣᠨ᠎ᠠ︔ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠰᠢᠯᠭᠠᠯᠲᠠ ᠶᠢᠨ ᠬᠢᠴᠢᠶᠡᠯ ᠲᠥᠷᠥᠯ ᠨᠢ᠄ ᠬᠡᠯᠡ ᠪᠢᠴᠢᠭ ︵ᠰᠣᠯᠣᠩᠭᠤᠰ ᠬᠡᠯᠡ︶᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠭ᠎ᠠ ᠪᠣᠳᠣᠯᠭ᠎ᠠ᠂ ᠭᠠᠳᠠᠭᠠᠳᠤ ᠬᠡᠯᠡ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠲᠥᠷᠥᠯ ᠪᠣᠯᠣᠨ᠎ᠠ᠃ ᠳᠡᠭᠡᠷᠡᠬᠢ ᠲᠥᠷᠥᠯ ᠢᠯᠭᠠᠯ ᠳᠤ ᠮᠡᠳᠡᠭᠦᠯᠦᠨ ᠰᠢᠯᠭᠠᠭᠤᠯᠬᠤ ᠳᠤ ᠮᠣᠩᠭᠤᠯ ᠬᠡᠯᠡᠨ ᠤ ᠬᠥᠬᠡᠭᠴᠢᠨ ᠰᠡᠳᠦᠪ ᠢ ᠨᠡᠮᠡᠵᠦ ᠰᠢᠯᠭᠠᠭᠤᠯᠬᠤ ᠪᠠᠷ ᠱᠠᠭᠠᠷᠳᠠᠭᠰᠠᠨ ᠰᠢᠯᠭᠠᠭᠤᠯᠤᠭᠰᠠᠳ ᠡᠷᠬᠡᠪᠰᠢ ᠮᠣᠩᠭᠤᠯ ᠬᠡᠯᠡ ᠪᠢᠴᠢᠭ ᠤᠨ ᠬᠥᠬᠡᠭᠴᠢᠨ ᠰᠡᠳᠦᠪ ᠢ ᠰᠢᠯᠭᠠᠬᠤ ᠪᠠᠷ ᠪᠠᠷᠠᠬᠤ ᠦᠭᠡᠢ ᠪᠠᠰᠠ ᠭᠠᠳᠠᠭᠠᠳᠤ ᠬᠡᠯᠡ ᠰᠢᠯᠭᠠᠭᠤᠯᠬᠤ ᠬᠡᠷᠡᠭᠲᠡᠶ᠃ ᠮᠣᠩᠭᠤᠯ ᠬᠡᠯᠡᠨ ᠤ ᠬᠥᠬᠡᠭᠴᠢᠨ ᠰᠡᠳᠦᠪ ᠪᠣᠯᠣᠨ ᠭᠠᠳᠠᠭᠠᠳᠤ ᠬᠡᠯᠡᠨ ᠤ ᠰᠢᠯᠭᠠᠯᠲᠠ ᠶᠢᠨ ᠬᠢᠷᠢ ᠪᠦᠲᠦᠮᠵᠢ ᠶᠢ ᠲᠤᠰᠪᠤᠷᠢ 50%᠎ ᠶᠢᠨ ᠬᠠᠷᠢᠴᠠᠯ ᠢᠶᠠᠷ ᠨᠤᠭᠤᠯᠤᠨ ᠪᠤᠳᠦᠵᠦ ᠨᠢᠭᠡ ᠲᠦᠷᠦᠯ ᠤᠨ ᠬᠢᠷᠢ ᠪᠦᠲᠦᠮᠵᠢ ᠪᠠᠷ ᠶᠡᠷᠦᠩᠬᠡᠶ ᠬᠤᠪᠢ ᠳᠤ ᠪᠤᠳᠤᠵᠤ ᠣᠷᠣᠭᠤᠯᠤᠨ᠎ᠠ᠃ ᠡᠨᠡ ᠲᠥᠷᠥᠯ ᠳᠤ ᠰᠢᠯᠭᠠᠭᠤᠯᠤᠭᠰᠠᠳ ᠬᠡᠷᠪᠡ ᠵᠥᠪᠬᠡᠨ ᠮᠣᠩᠭᠤᠯ ᠬᠡᠯᠡᠨ ᠤ ᠬᠥᠬᠡᠭᠴᠢᠨ ᠰᠡᠳᠦᠪ ᠢ ᠰᠢᠯᠭᠠᠭᠤᠯᠵᠤ᠂ ᠭᠠᠳᠠᠭᠠᠳᠤ ᠬᠡᠯᠡ ᠰᠢᠯᠭᠠᠭᠤᠯᠤᠭᠰᠠᠨ ᠦᠭᠡᠢ ᠪᠣᠯ᠂ ᠮᠣᠩᠭᠤᠯ ᠬᠡᠯᠡᠨ ᠤ ᠬᠥᠬᠡᠭᠴᠢᠨ ᠰᠡᠳᠦᠪ ᠤᠨ  ᠬᠢᠷᠢ ᠪᠦᠲᠦᠮᠵᠢ ᠶᠢᠨ 50%᠎ ᠶᠢ ᠶᠡᠷᠦᠩᠬᠡᠶ ᠬᠤᠪᠢ ᠎ ᠳᠤ ᠪᠤᠳᠤᠵᠤ ᠣᠷᠣᠭᠤᠯᠤᠨ᠎ᠠ︔ ᠬᠡᠷᠪᠡ ᠵᠥᠪᠬᠡᠨ ᠭᠠᠳᠠᠭᠠᠳᠤ ᠬᠡᠯᠡ ᠰᠢᠯᠭᠠᠵᠤ᠂ ᠮᠣᠩᠭᠤᠯ ᠬᠡᠯᠡᠨ ᠤ ᠬᠥᠬᠡᠭᠴᠢᠨ ᠰᠡᠳᠦᠪ ᠢ ᠰᠢᠯᠭᠠᠭᠰᠠᠨ ᠦᠭᠡᠢ ᠪᠣᠯ᠂ ᠭᠠᠳᠠᠭᠠᠳᠤ ᠬᠡᠯᠡᠨ ᠤ ᠬᠢᠷᠢ ᠪᠦᠲᠦᠮᠵᠢ ᠶᠢᠨ 50%᠎ ᠶᠢ ᠶᠡᠷᠦᠩᠬᠡᠶ ᠬᠤᠪᠢ ᠳᠤ ᠪᠣᠳᠣᠵᠤ ᠣᠷᠣᠭᠤᠯᠤᠨ᠎ᠠ᠃ ᠪᠤᠰᠤᠳ ᠲᠦᠷᠦᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠴᠥᠮ 100%᠎ ᠪᠠᠷ ᠶᠡᠷᠦᠩᠬᠡᠶ ᠬᠤᠪᠢ ᠳᠤ ᠪᠣᠳᠣᠵᠤ ᠣᠷᠣᠭᠤᠯᠤᠨ᠎ᠠ᠃       ᠳᠡᠭᠡᠷᠡᠬᠢ ᠲᠥᠷᠥᠯ ᠢᠯᠭᠠᠯ ᠳᠤ ᠮᠡᠳᠡᠭᠦᠯᠦᠨ ᠰᠢᠯᠭᠠᠭᠤᠯᠬᠤ ᠳᠤ ᠰᠣᠯᠣᠩᠭᠤᠰ ᠬᠡᠯᠡ ᠰᠢᠯᠭᠠᠭᠤᠯᠬᠤ ᠪᠠᠷ ᠱᠠᠭᠠᠷᠳᠠᠭᠰᠠᠨ ᠰᠢᠯᠭᠠᠭᠤᠯᠤᠭᠰᠠᠳ ᠬᠡᠯᠡ ᠪᠢᠴᠢᠭ ᠰᠢᠯᠭᠠᠭᠤᠯᠬᠤ ᠦᠭᠡᠢ ᠪᠣᠯᠪᠠᠴᠤ ᠡᠷᠬᠡᠪᠰᠢ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠥᠪᠰᠢᠨ ᠤ ᠭᠤᠷᠪᠠᠨ ᠳᠡᠰ ᠤᠨ ᠰᠢᠯᠭᠠᠯᠲᠠ ᠶᠢ ᠨᠡᠮᠡᠵᠦ ᠰᠢᠯᠭᠠᠭᠤᠯᠬᠤ ᠬᠡᠷᠡᠭᠲᠡᠢ᠃ ᠡᠶᠢᠮᠦ ᠲᠥᠷᠥᠯ ᠤᠨ ᠰᠢᠯᠭᠠᠭᠤᠯᠤᠭᠰᠠᠳ ᠤᠨ ᠬᠢ ᠪᠣᠯ ᠲᠤᠰ ᠲᠤᠰ ᠳᠣᠣᠷᠠᠬᠢ ᠮᠡᠲᠦ ᠬᠤᠶᠠᠷ ᠵᠦᠢᠯ ᠤᠨ ᠠᠷᠭ᠎ᠠ ᠪᠠᠷ ᠬᠤᠪᠢ ᠪᠣᠳᠣᠨ᠎ᠠ᠂ ᠶᠡᠷᠦᠩᠬᠡᠶ ᠬᠤᠪᠢ1᠄ ᠨᠡᠶᠢᠭᠡᠮ ᠤᠨ ᠰᠢᠨᠵᠢᠯᠡᠬᠦ ᠤᠬᠠᠭᠠᠨ ᠤ ᠲᠤᠭ᠎ᠠ ᠪᠣᠳᠣᠯᠭ᠎ᠠ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠭ᠎ᠠ ᠪᠣᠳᠣᠯᠭ᠎ᠠ᠂ ᠭᠠᠳᠠᠭᠠᠳᠤ ᠬᠡᠯᠡ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠴᠥᠮ 100%᠎ ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ︔ ᠰᠣᠯᠣᠩᠭᠤᠰ ᠬᠡᠯᠡ ᠪᠣᠯᠣᠨ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠥᠪᠰᠢᠨ ᠤ ᠭᠤᠷᠪᠠᠨ ᠳᠡᠰ ᠤᠨ ᠰᠢᠯᠭᠠᠯᠲᠠ ᠶᠢᠨ ᠬᠢᠷᠢ ᠪᠦᠲᠦᠮᠵᠢ ᠶᠢ ᠲᠤᠰ ᠲᠤᠰ 50%᠎ ᠶᠢᠨ ᠬᠠᠷᠢᠴᠠᠯ ᠢᠶᠠᠷ ᠨᠤᠭᠤᠯᠤᠨ ᠪᠣᠳᠣᠵᠤ ᠨᠢᠭᠡ ᠲᠥᠷᠥᠯ ᠤᠨ ᠬᠢᠷᠢ ᠪᠦᠲᠦᠮᠵᠢ ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ᠃ ᠶᠡᠷᠦᠩᠬᠡᠶ ᠬᠤᠪᠢ 2᠄ ᠰᠣᠯᠣᠩᠭᠤᠰ ᠬᠡᠯᠡ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠭ᠎ᠠ ᠪᠣᠳᠤᠯᠭ᠎ᠠ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠎ ᠤ ᠲᠤᠭ᠎ᠠ ᠪᠣᠳᠣᠯᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠴᠥᠮ 100%᠎ ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ︔ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠥᠪᠰᠢᠨ ᠤ ᠭᠤᠷᠪᠠᠨ ᠳᠡᠰ ᠤᠨ ᠰᠢᠯᠭᠠᠯᠲᠠ ᠪᠣᠯᠣᠨ ᠭᠠᠳᠠᠭᠠᠳᠤ ᠬᠡᠯᠡᠨ ᠤ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠲᠤᠰ ᠲᠤᠰ 50%᠎ ᠶᠢᠨ ᠬᠠᠷᠢᠴᠠᠯ ᠢᠶᠠᠷ ᠨᠤᠭᠤᠯᠤᠨ ᠪᠣᠳᠣᠵᠤ  ᠨᠢᠭᠡ ᠲᠥᠷᠥᠯ ᠤᠨ ᠬᠢᠷᠢ ᠪᠦᠲᠦᠮᠵᠢ ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ᠃ ᠳᠠᠷᠠᠭ᠎ᠠ ᠪᠠᠷ ᠨᠢ᠂ ᠶᠡᠷᠦᠩᠬᠡᠶ ᠬᠤᠪᠢ 1 ᠪᠣᠯᠣᠨ ᠶᠡᠷᠦᠩᠬᠡᠶ ᠬᠤᠪᠢ  2 ᠬᠤᠶᠠᠷ ᠠᠴᠠ ᠠᠯᠢ ᠥᠨᠳᠥᠷ ᠬᠤᠪᠢ ᠲᠠᠢ ᠶᠢ ᠨᠢ ᠰᠤᠩᠭᠤᠵᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠭᠡᠢ ᠬᠤᠪᠢ ᠪᠣᠯᠭᠠᠨ᠎ᠠ᠃      ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠵᠡᠷᠭᠡ ᠲᠥᠷᠥᠯ ᠢᠯᠭᠠᠯ ᠤᠨ ᠰᠢᠯᠭᠠᠯᠲᠠ ᠶᠢᠨ ᠬᠢᠴᠢᠶᠡᠯ ᠲᠥᠷᠥᠯ ᠨᠢ᠄ ᠮᠣᠩᠭᠤᠯ ᠬᠡᠯᠡ ᠪᠢᠴᠢᠭ ᠤᠨ ᠬᠥᠬᠡ ᠰᠡᠳᠦᠪ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠭ᠎ᠠ ᠪᠣᠳᠤᠯᠭ᠎ᠠ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠭ᠎ᠠ ᠪᠤᠳᠤᠯᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ᠂ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠥᠪᠰᠢᠨ ᠤ ᠭᠤᠷᠪᠠᠨ ᠳᠡᠰ ᠤᠨ ᠰᠢᠯᠭᠠᠯᠲᠠ᠂ ᠭᠠᠳᠠᠭᠠᠲᠤ ᠬᠡᠯᠡ ᠪᠣᠯᠣᠨ᠎ᠠ᠃       ᠳᠡᠭᠡᠷᠡᠬᠢ ᠲᠥᠷᠥᠯ ᠢ ᠮᠡᠳᠡᠭᠦᠯᠦᠨ ᠰᠢᠯᠭᠠᠭᠤᠯᠤᠭᠰᠠᠳ ᠡᠷᠬᠡᠪᠰᠢ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠥᠪᠰᠢᠨ ᠤ ᠭᠤᠷᠪᠠᠨ ᠳᠡᠰ ᠤᠨ ᠰᠢᠯᠭᠠᠯᠲᠠ ᠪᠣᠯᠣᠨ ᠭᠠᠳᠠᠭᠠᠲᠤ ᠬᠡᠯᠡ ᠶᠢ ᠴᠦᠮ ᠰᠢᠯᠭᠠᠬᠤ ᠬᠡᠷᠡᠭᠲᠡᠢ  ᠃ ᠡᠶᠢᠮᠦ ᠲᠥᠷᠥᠯ ᠤᠨ ᠰᠢᠯᠭᠠᠭᠤᠯᠤᠭᠰᠠᠳ ᠤᠨ ᠬᠢ ᠪᠣᠯ ᠲᠤᠰ ᠲᠤᠰ ᠳᠣᠣᠷᠠᠬᠢ ᠮᠡᠲᠦ ᠬᠤᠶᠠᠷ ᠵᠦᠢᠯ ᠤᠨ ᠠᠷᠭ᠎ᠠ ᠪᠠᠷ ᠬᠤᠪᠢ ᠪᠤᠳᠤᠨ᠎ᠠ᠂ ᠶᠡᠷᠦᠩᠬᠡᠶ ᠬᠤᠪᠢ 1᠄ ᠨᠡᠶᠢᠭᠡᠮ ᠤᠨ ᠰᠢᠨᠵᠢᠯᠡᠬᠦ ᠤᠬᠠᠭᠠᠨ ᠤ ᠲᠤᠭ᠎ᠠ ᠪᠣᠳᠤᠯᠭ᠎ᠠ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠭ᠎ᠠ ᠪᠤᠳᠤᠯᠭ᠎ᠠ᠂ ᠭᠠᠳᠠᠭᠠᠳᠤ ᠬᠡᠯᠡ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢ ᠴᠥᠮ 100%᠎ ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ︔ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠥᠪᠰᠢᠨ ᠤ ᠭᠤᠷᠪᠠᠨ ᠳᠡᠰ ᠤᠨ ᠰᠢᠯᠭᠠᠯᠲᠠ ᠪᠣᠯᠣᠨ ᠮᠣᠩᠭᠤᠯ ᠬᠡᠯᠡᠨ ᠤ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢ 50%᠎ ᠶᠢᠨ ᠬᠠᠷᠢᠴᠠᠯ ᠢᠶᠠᠷ ᠨᠤᠭᠤᠯᠤᠨ ᠪᠣᠳᠣᠵᠤ ᠨᠢᠭᠡ ᠲᠥᠷᠥᠯ ᠤᠨ ᠬᠢᠷᠢ ᠪᠦᠲᠦᠮᠵᠢ ᠎ ᠪᠠᠷ ᠶᠡᠷᠦᠩᠬᠡᠶ ᠬᠤᠪᠢ ᠳᠤᠨᠢ ᠪᠣᠳᠣᠵᠤ ᠣᠷᠣᠭᠤᠯᠤᠨ᠎ᠠ᠃ ᠶᠡᠷᠦᠩᠬᠡᠶ ᠬᠤᠪᠢ 2᠄ ᠮᠣᠩᠭᠤᠯ ᠬᠡᠯᠡ ᠪᠢᠴᠢᠭ ᠤᠨ ᠬᠥᠬᠡ ᠰᠡᠳᠦᠪ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠭ᠎ᠠ ᠪᠣᠳᠣᠯᠭ᠎ᠠ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠭ᠎ᠠ ᠪᠣᠳᠤᠯᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠪᠤᠶᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢ ᠴᠥᠮ 100%᠎ ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ︔ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠥᠪᠰᠢᠨ ᠤ ᠭᠤᠷᠪᠠᠨ ᠳᠡᠰ ᠤᠨ ᠰᠢᠯᠭᠠᠯᠲᠠ ᠪᠣᠯᠣᠨ ᠮᠣᠩᠭᠤᠯ ᠬᠡᠯᠡᠨ ᠤ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢ 50%᠎ ᠶᠢᠨ ᠬᠠᠷᠢᠴᠠᠯ ᠢᠶᠠᠷ ᠨᠤᠭᠤᠯᠤᠨ ᠪᠣᠳᠣᠵᠤ ᠨᠢᠭᠡ ᠲᠥᠷᠥᠯ ᠤᠨ ᠬᠢᠷᠢ ᠪᠦᠲᠦᠮᠵᠢ ᠪᠠᠷ ᠶᠡᠷᠦᠩᠬᠡᠶ ᠬᠤᠪᠢ ᠳᠤᠨᠢ ᠪᠣᠳᠣᠵᠤ ᠣᠷᠣᠭᠤᠯᠤᠨ᠎ᠠ᠃ ᠳᠠᠷᠠᠭ᠎ᠠ ᠪᠠᠷ ᠨᠢ᠂ ᠶᠡᠷᠦᠩᠬᠡᠶ ᠬᠤᠪᠢ 1 ᠪᠣᠯᠣᠨ ᠶᠡᠷᠦᠩᠬᠡᠶ ᠬᠤᠪᠢ  2 ᠬᠤᠶᠠᠷ ᠠᠴᠠ ᠠᠯᠢ ᠥᠨᠳᠥᠷ ᠬᠤᠪᠢ ᠲᠠᠢ ᠶᠢ ᠨᠢ ᠰᠤᠩᠭᠤᠵᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠭᠡᠢ ᠬᠤᠪᠢ ᠪᠣᠯᠭᠠᠨ᠎ᠠ᠃ ︽ᠭᠤᠷᠪᠠᠨ ᠬᠡᠯᠡ︾᠎ ᠶᠢᠨ ᠲᠤᠷᠰᠢᠯᠲᠠ ᠶᠢᠨ ᠠᠩᠬᠢ ᠶᠢᠨ ᠰᠢᠯᠭᠠᠭᠤᠯᠤᠭᠰᠠᠳ ᠤᠨ ᠰᠢᠯᠭᠠᠯᠲᠠ ᠶᠢᠨ ᠬᠢᠴᠢᠶᠡᠯ ᠲᠥᠷᠥᠯ ᠵᠢᠴᠢ ᠬᠤᠪᠢ ᠪᠤᠳᠤᠬᠤ ᠠᠷᠭ᠎ᠠ ᠶᠢ ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠡᠯ᠎ᠡ ᠬᠢᠴᠢᠶᠡᠯ ᠳᠦᠷᠦᠯ ᠤᠨ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠬᠤ ᠪᠦᠷᠢᠨ ᠬᠤᠪᠢ ᠨᠢ᠄ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠥᠷᠥᠯ ᠨᠢ ᠲᠤᠰᠪᠤᠷᠢ 300 ᠬᠤᠪᠢ᠂ ᠪᠤᠰᠤᠳ ᠲᠥᠷᠥᠯ ᠨᠢ ᠴᠥᠮ 150 ᠬᠤᠪᠢ ᠪᠣᠯᠣᠨ᠎ᠠ᠃ ᠡᠯ᠎ᠡ ᠬᠢᠴᠢᠶᠡᠯ ᠳᠦᠷᠦᠯ ᠤᠨ ᠨᠡᠶᠢᠳᠡ ᠶᠡᠷᠦᠩᠬᠡᠶ ᠬᠤᠪᠢ ᠨᠢ 750 ᠬᠤᠪᠢ ᠪᠣᠯᠣᠨ᠎ᠠ᠃ ᠡᠭᠦᠨ ᠳᠤ᠂ ᠭᠠᠳᠠᠭᠠᠳᠤ ᠬᠡᠯᠡᠨ ᠤ ᠪᠢᠷ ᠤᠨ ᠰᠢᠯᠭᠠᠯᠲᠠ ᠶᠢᠨ ᠵᠠᠷᠢᠮ ᠬᠠᠭᠤᠳᠠᠰᠤᠨ ᠤ ᠪᠦᠷᠢᠨ ᠬᠤᠪᠢ ᠨᠢ 120 ᠬᠤᠪᠢ ᠳᠡᠭᠡᠷ᠎ᠡ ᠡᠷᠬᠡ ᠨᠡᠮᠡᠭᠰᠡᠨ ᠤ ᠳᠠᠷᠠᠭ᠎ᠠ ᠪᠦᠷᠢᠨ ᠬᠤᠪᠢ ᠶᠢ 150 ᠬᠤᠪᠢ ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ︔ ᠭᠠᠳᠠᠭᠠᠳᠤ ᠬᠡᠯᠡᠨ ᠤ ᠰᠣᠨᠣᠰᠬᠤ ᠴᠢᠳᠠᠪᠤᠷᠢ ᠶᠢᠨ ᠰᠢᠯᠭᠠᠯᠲᠠ ᠶᠢᠨ ᠪᠦᠷᠢᠨ ᠬᠤᠪᠢ ᠨᠢ 30 ᠪᠣᠯᠣᠨ᠎ᠠ᠂ ᠲᠤᠰᠠᠭᠠᠷ ᠎ ᠨᠢ ᠬᠤᠪᠢ ᠪᠤᠳᠤᠵᠤ᠂ ᠶᠡᠷᠦᠩᠬᠡᠶ ᠬᠤᠪᠢ ᠳᠤᠨᠢ ᠪᠣᠳᠤᠵᠤ ᠣᠷᠣᠭᠤᠯᠬᠤ ᠦᠭᠡᠢ᠂ ᠡᠯᠰᠡᠬᠦ ᠦᠶ᠎ᠡ ᠳᠤ ᠬᠤᠯᠪᠣᠭᠳᠠᠯ ᠪᠦᠬᠦᠢ ᠶᠡᠭᠡ ᠳᠡᠭᠡᠳᠦ ᠵᠡᠷᠭᠡ ᠶᠢᠨ ᠰᠤᠷᠭᠠᠭᠤᠯᠢ ᠳᠤ  ᠲᠤᠰᠢᠶᠠᠨ᠎ᠠ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢ ᠶᠡᠭᠡ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠤᠰᠬᠠᠢ ᠮᠡᠷᠭᠡᠵᠢᠯ ᠢᠶᠠᠷ ᠨᠢ ᠡᠯᠰᠡᠬᠦ ᠲᠤᠰᠠᠭᠠᠷ ᠰᠢᠯᠭᠠᠯᠲᠠ ᠶᠢᠨ ᠬᠤᠪᠢ ᠪᠤᠳᠤᠬᠤ ᠠᠷᠭ᠎ᠠ ᠭᠡᠪᠡᠯ᠂ ᠡᠯ᠎ᠡ ᠬᠢᠴᠢᠶᠡᠯ ᠳᠦᠷᠦᠯ ᠤᠨ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠬᠤ ᠪᠦᠷᠢᠨ ᠬᠤᠪᠢ ᠨᠢ᠄ ᠬᠡᠯᠡ ᠪᠢᠴᠢᠭ ︵ᠮᠣᠩᠭᠤᠯ ᠬᠡᠯᠡ︶᠂  ᠲᠤᠭ᠎ᠠ ᠪᠣᠳᠤᠯᠭ᠎ᠠ ︵ ᠮᠣᠩᠭᠤᠯ ᠢᠶᠠᠷ ᠬᠢᠴᠢᠶᠡᠯᠯᠡᠬᠦ ᠲᠤᠭ᠎ᠠ ᠪᠣᠳᠤᠯᠭ᠎ᠠ︶᠎ ᠨᠢ ᠲᠤᠰᠪᠤᠷᠢ 150 ᠬᠤᠪᠢ᠂ ᠠᠩᠭ᠍ᠯᠢ ᠬᠡᠯᠡ ᠨᠢ 100 ᠬᠤᠪᠢ᠂ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠨᠢ 350 ᠬᠤᠪᠢ ᠪᠣᠯᠣᠨ᠎ᠠ᠃ ᠡᠯ᠎ᠡ ᠬᠢᠴᠢᠶᠡᠯ ᠳᠦᠷᠦᠯ ᠤᠨ ᠨᠡᠶᠢᠳᠡ ᠶᠡᠷᠦᠩᠬᠡᠶ ᠬᠤᠪᠢ  ᠎ ᠨᠢ 750 ᠬᠤᠪᠢ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号