ᠥᠪᠥᠷ ᠮᠣᠩᠭᠤᠯ᠄ ᠴᠤᠬᠭᠠᠷ ᠬᠦᠳᠡᠯᠦᠯᠴᠡᠵᠤ ᠵᠠᠷᠭᠡᠪᠡᠷ ᠠᠳᠬᠤᠵᠤ  ᠢᠳᠡᠬᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2016/5/26
      5 ᠳ᠋ᠤᠭᠠᠷ ᠰᠠᠷ᠎ᠠ ᠶᠢᠨ 23 ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠲᠤ ᠬᠢᠨᠠᠯᠲᠠ ᠲᠠᠯᠪᠢᠵᠦ ᠬᠠᠮᠢᠶᠠᠷᠬᠤ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠢ ᠤᠷᠢᠵᠦ᠂ ᠮᠠᠨ ᠤ ᠤᠷᠤᠨ ᠤ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠳᠡᠬᠡᠨ ᠤ ᠠᠮᠤᠷ ᠲᠦᠪᠰᠢᠨ ᠤ ᠬᠠᠤᠯᠢ︾ ᠶᠢ ᠲᠤᠤᠱᠯᠠᠭᠤᠯᠤᠨ ᠬᠡᠷᠡᠭᠵᠢᠬᠦᠯᠦᠭᠰᠡᠨ ᠪᠠᠶᠢᠳᠠᠯ ᠵᠢᠴᠢ ᠪᠦᠬᠦ ᠤᠷᠤᠨ ᠤ ᠢᠳᠡᠬᠡᠨ ᠤ ᠠᠮᠤᠷ ᠲᠦᠪᠰᠢᠨ ᠤ ᠪᠠᠶᠢᠳᠠᠯ ᠤᠨ ᠲᠤᠬᠠᠢ ᠨᠡᠶᠢᠳᠡᠯᠡᠬᠦ ᠶᠢᠨ ᠬᠠᠮᠳᠤ᠂ ᠮᠠᠨ ᠤ ᠤᠷᠤᠨ ᠤ ᠢᠳᠡᠬᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠲᠠᠷᠠᠭᠠᠴᠢ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠮᠡᠳᠡᠭᠳᠡᠭᠰᠡᠨ ᠪᠠᠶᠢᠨ᠎ᠠ᠃      ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠲᠤ ᠬᠢᠨᠠᠯᠲᠠ ᠲᠠᠯᠪᠢᠵᠦ ᠬᠠᠮᠢᠶᠠᠷᠬᠤ ᠲᠤᠪᠴᠢᠶ᠎ᠠ ᠶᠢᠨ ᠲᠠᠷᠤᠭ᠎ᠠ ᠶᠠᠩ ᠰᠢ ᠮᠠᠨ ᠤ ᠤᠷᠤᠨ ᠤ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠳᠡᠬᠡᠨ ᠤ ᠠᠮᠤᠷ ᠲᠦᠪᠰᠢᠨ ᠤ ᠬᠠᠤᠯᠢ︾ ᠶᠢ ᠲᠤᠤᠱᠯᠠᠭᠤᠯᠤᠨ ᠬᠡᠷᠡᠭᠵᠢᠬᠦᠯᠦᠭᠰᠡᠨ ᠵᠢᠴᠢ ᠪᠦᠬᠦ ᠤᠷᠤᠨ ᠤ ᠢᠳᠡᠬᠡᠨ ᠤ ᠠᠮᠤᠷ ᠲᠦᠪᠰᠢᠨ ᠤ ᠪᠠᠶᠢᠳᠠᠯ ᠤᠨ ᠲᠤᠬᠠᠢ ᠲᠠᠨᠢᠯᠴᠠᠭᠤᠯᠪᠠ᠃ ᠲᠡᠷᠨ ᠶᠠᠷᠢᠬᠤ ᠳᠠᠭᠠᠨ᠂ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠢᠲᠡᠭᠡᠨ ᠤ ᠠᠮᠤᠷ ᠲᠦᠪᠰᠢᠨ ᠤ ᠠᠵᠢᠯ ᠢ ᠶᠡᠷᠦᠨᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠬᠰᠠᠭᠠᠷ ᠢᠷᠡᠵᠡᠢ᠂ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠡᠷᠲᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ᠂ ᠵᠠᠰᠠᠬ ᠤᠨ ᠤᠷᠳᠤᠨ ᠠᠴᠠ ᠢᠳᠡᠬᠡᠨ ᠤ ᠠᠮᠤᠷ ᠲᠦᠪᠰᠢᠨ ᠢ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠲᠦᠯᠦᠪᠵᠢᠬᠦᠯᠬᠡ ᠳᠤ ᠤᠷᠤᠭᠤᠯᠵᠦ᠂ ᠤᠳᠤᠷᠢᠳᠬᠤ ᠺᠠᠳ᠋ᠷᠴᠤᠳ ᠤᠨ ᠪᠤᠳᠠᠳᠤ ᠬᠢᠷᠢ ᠪᠦᠲᠦᠮᠵᠢ ᠶᠢ ᠰᠢᠯᠭᠠᠨ ᠦᠨᠡᠯᠡᠬᠦ ᠰᠢᠰᠲ᠋ᠧᠮ ᠳᠤ ᠤᠷᠤᠭᠤᠯᠵᠦ᠂ ᠲᠤᠰᠬᠠᠢ ᠲᠦᠷᠦᠯ ᠢᠶᠠᠷ ᠠᠬᠢᠭᠤᠯᠬᠤ ᠭᠤᠤᠯᠳᠠᠯᠭ᠎ᠠ ᠲᠠᠢ ᠠᠵᠢᠯ ᠳᠤ ᠤᠷᠤᠭᠤᠯᠤᠬᠰᠠᠨ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠤᠯᠠᠨᠳᠠ ᠪᠠᠶᠢᠩᠭᠤ ᠶᠢᠨ ᠬᠡᠰᠢᠬᠦᠳ ᠤᠨ ᠲᠤᠰᠬᠠᠢ ᠬᠤᠷᠠᠯ ᠬᠤᠷᠠᠯᠳᠤᠭᠤᠯᠵᠦ ᠢᠳᠡᠬᠡᠨ ᠤ ᠠᠮᠤᠷ ᠲᠦᠪᠰᠢᠨ ᠤ ᠬᠠᠤᠯᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠵᠦ᠂ ︽ᠢᠳᠡᠬᠡᠨ ᠤ ᠠᠮᠤᠷ ᠲᠦᠪᠰᠢᠨ ᠤ ᠠᠵᠢᠯ ᠢ ᠴᠢᠨᠠᠬᠰᠢᠳᠠ ᠴᠢᠩᠭᠠᠳᠬᠠᠬᠤ ᠲᠤᠬᠠᠢ ᠰᠠᠨᠠᠯ︾ ᠢ ᠲᠤᠭᠳᠠᠭᠠᠵᠦ᠂ ︽ᠢᠳᠡᠬᠡᠨ ᠡᠮ ᠤᠨ ᠵᠦᠢᠯᠡᠰ ᠠᠮᠤᠷ ᠲᠦᠪᠰᠢᠨ ᠦᠪᠦᠷ ᠮᠤᠩᠭᠤᠯ ᠤᠨ ᠪᠠᠶᠢᠭᠤᠯᠤᠯᠳᠠ ᠶᠢᠨ ᠲᠦᠰᠦᠪ︾ ᠢ ᠲᠤᠭᠳᠠᠭᠠᠨ ᠬᠡᠷᠡᠭᠵᠢᠬᠦᠯᠪᠡ︔ ᠦᠪᠡᠷᠲᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠢᠳᠡᠬᠡᠨ ᠤ ᠠᠮᠤᠷ ᠲᠦᠪᠰᠢᠨ ᠤ ᠤᠷᠤᠨ ᠨᠤᠲᠤᠬ ᠤᠨ ᠬᠠᠤᠯᠢ ᠲᠤᠬᠳᠠᠭᠠᠬᠤ ᠠᠵᠢᠯ ᠢ ᠴᠢᠩᠭᠠᠳᠬᠠᠵᠦ᠂ ︽ᠢᠳᠡᠬᠡᠨ ᠦᠢᠯᠡᠳᠪᠦᠷᠢᠯᠡᠨ ᠡᠳ᠋ᠰᠢᠬᠦᠯᠬᠦ ᠵᠢᠵᠢᠭ ᠦᠢᠯᠡᠳᠬᠡᠯ ᠤᠨ ᠭᠠᠵᠠᠷ ᠪᠠ ᠢᠳᠡᠬᠡᠨ ᠤ ᠶᠠᠪᠤᠭᠤᠯ ᠬᠤᠳᠠᠯᠳᠤᠭᠠᠴᠢᠨ ᠤ ᠬᠠᠮᠢᠶᠠᠷᠤᠯᠳᠠ ᠶᠢᠨ ᠲᠦᠷᠢᠮ︾ ᠢ ᠲᠤᠬᠳᠠᠭᠠᠪᠠ᠃ ᠦᠪᠡᠷᠲᠡᠬᠡᠨ ᠵᠠᠰᠠᠬᠤ ᠤᠷᠤᠨ ᠤ ᠡᠯ᠎ᠠ ᠱᠠᠳᠤᠨ ᠤ ᠬᠠᠮᠢᠶ᠎ᠠ ᠪᠦᠬᠦᠢ ᠴᠢᠳᠠᠪᠬᠢᠳᠤ ᠰᠠᠯᠠᠭ᠎ᠠ ᠮᠦᠴᠢᠷ ᠬᠠᠤᠯᠢ ᠪᠠᠷ ᠵᠠᠰᠠᠬ ᠶᠠᠪᠤᠭᠤᠯᠬᠤ ᠶᠢ ᠪᠠᠷᠢᠮᠳᠠᠯᠠᠵᠦ᠂ ᠢᠳᠡᠬᠡᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠲᠠᠰᠤᠷᠠᠯᠳᠠ ᠦᠬᠡᠢ ᠬᠦᠨᠵᠡᠭᠡᠶᠢᠷᠡᠬᠦᠯᠦᠨ᠂ ᠬᠢᠨᠠᠨ ᠬᠠᠮᠢᠶᠠᠷᠤᠯᠳᠠ ᠶᠢᠨ ᠰᠢᠰᠲ᠋ᠧᠮ ᠪᠠ ᠬᠢᠨᠠᠨ ᠬᠠᠮᠢᠶᠠᠷᠤᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠶᠡᠬᠡᠪᠡᠷ ᠠᠬᠢᠭᠤᠯᠵᠦ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠡᠯ᠎ᠠ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠪᠠᠶᠢᠭᠤᠯᠤᠮᠵᠢ ᠶᠢ ᠵᠤᠬᠢᠶᠠᠨ ᠪᠠᠶᠢᠭᠤᠯᠵᠦ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠤᠷᠤᠨ ᠪᠦᠰᠡ ᠶᠢᠨ ᠴᠢᠨᠠᠷᠳᠠᠢ᠂ ᠰᠢᠰᠲ᠋ᠧᠮ ᠤᠨ ᠴᠢᠨᠠᠷᠳᠠᠢ ᠠᠮᠤᠷ ᠲᠦᠪᠰᠢᠨ ᠤ ᠬᠡᠷᠡᠭ ᠡᠬᠦᠰᠬᠦᠦᠬᠡᠢ ᠪᠠᠶᠢᠬᠤ ᠶᠢ ᠪᠠᠲᠤᠯᠠᠬᠰᠠᠨ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠲᠤ ᠬᠢᠨᠠᠯᠲᠠ ᠲᠠᠯᠪᠢᠵᠦ ᠬᠠᠮᠢᠶᠠᠷᠬᠤ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠢᠳᠡᠬᠡᠨ  ᠤ ᠠᠮᠤᠷ ᠲᠦᠪᠰᠢᠨ ᠤ ᠠᠵᠢᠯ ᠢ ᠴᠢᠨᠠᠬᠰᠢᠳᠠ ᠴᠢᠩᠭᠠᠳᠬᠠᠬᠤ ᠲᠤᠬᠠᠢ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃      ᠰᠤᠷᠪᠤᠯᠵᠢᠯᠠᠬᠴᠢ᠄ ᠵᠠᠰᠠᠪᠤᠷᠢ ᠤᠷᠤᠭᠤᠯᠤᠬᠰᠠᠨ ᠤ ᠲᠠᠷᠠᠭᠠᠬᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠳᠡᠬᠡᠨ ᠤ ᠠᠮᠤᠷ ᠲᠦᠪᠰᠢᠨ ᠤ ᠬᠠᠤᠯᠢ︾ ᠶᠢ 2015 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠂ ᠢᠳᠡᠬᠡᠨ ᠡᠮ ᠤᠨ ᠵᠦᠢᠯᠡᠰ ᠲᠤ ᠬᠢᠨᠠᠯᠲᠠ ᠲᠠᠯᠪᠢᠵᠦ ᠬᠠᠮᠢᠶᠠᠷᠬᠤ ᠰᠠᠯᠠᠭ᠎ᠠ ᠮᠦᠴᠢᠷ ᠪᠤᠯᠤᠬᠰᠠᠨ ᠤ ᠬᠤᠪᠢ ᠳ᠋ᠳᠤ᠂ ᠡᠨᠡᠬᠦ ᠬᠠᠤᠯᠢ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠯᠠᠨ ᠲᠦᠮᠡᠨ ᠤ ᠢᠳᠡᠬᠡᠨ ᠤ ᠠᠮᠤᠷ ᠲᠦᠪᠰᠢᠨ ᠢ ᠪᠠᠲᠤᠯᠠᠬᠤ ᠪᠤᠢ︖      ᠵᠠᠩ ᠶᠦᠩ ᠴᠢᠶᠠᠩ ︵ᠦᠪᠡᠷᠲᠡᠭᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠲᠤ ᠬᠢᠨᠠᠯᠲᠠ ᠲᠠᠯᠪᠢᠵᠦ ᠬᠠᠮᠢᠶᠠᠷᠬᠤ ᠲᠤᠪᠴᠢᠶ᠎ᠠ ᠶᠢᠨ ᠲᠡᠳ᠋ ᠲᠠᠷᠤᠭ᠎ᠠ︶᠄ ᠨᠢᠬᠡ ᠳᠤ᠂ ᠨᠢᠬᠡ ᠭᠤᠤᠯ ᠱᠤᠭᠤᠮ ᠢ ᠠᠳᠬᠤᠬᠤ ᠨᠢ ᠲᠠᠷᠤᠢ ᠵᠠᠰᠠᠪᠤᠷᠢ ᠤᠷᠤᠭᠤᠯᠤᠬᠰᠠᠨ ᠤ ᠲᠠᠷᠠᠭᠠᠬᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠳᠡᠬᠡᠨ ᠤ ᠠᠮᠤᠷ ᠲᠦᠪᠰᠢᠨ ᠤ ᠬᠠᠤᠯᠢ︾ ᠶᠢ ᠲᠤᠤᠱᠯᠠᠭᠤᠯᠬᠤ ᠪᠠᠷ ᠭᠤᠤᠯ ᠱᠤᠭᠤᠮ ᠪᠤᠯᠭᠠᠨ᠎ᠠ᠃ ᠮᠠᠨ ᠤ ᠤᠷᠤᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠳᠡᠬᠡᠨ ᠤ ᠠᠮᠤᠷ ᠲᠦᠪᠰᠢᠨ ᠤ ᠬᠠᠤᠯᠢ︾ ᠶᠢ ᠤᠬᠠᠭᠤᠯᠬᠤ ᠬᠦᠴᠦᠯᠡᠴᠡ ᠪᠠᠨ ᠲᠠᠰᠤᠷᠠᠯᠳᠠ ᠦᠬᠡᠢ ᠴᠢᠩᠭᠠᠳᠬᠠᠵᠦ᠂ ︽ᠵᠢᠷᠭᠤᠭ᠎ᠠ ᠳᠤ ᠤᠷᠤᠭᠤᠯᠬᠤ︾ — ᠰᠤᠷᠭᠠᠭᠤᠯᠢ᠂ ᠬᠦᠳᠡᠭᠡ ᠲᠤᠰᠬᠤᠨ᠂ ᠨᠡᠶᠢᠬᠡᠮ ᠲᠤᠭᠤᠷᠢᠬ᠂ ᠪᠠᠶᠢᠭᠤᠯᠭ᠎ᠠ᠂ ᠨᠢᠬᠡᠴᠡ᠂ ᠦᠢᠯᠡᠳᠪᠦᠷᠢ ᠠᠭᠤᠷᠬᠠᠢ ᠳᠤ ᠤᠷᠤᠭᠤᠯᠬᠤ ᠶᠢ ᠴᠠᠬ ᠲᠤᠬᠠᠢ ᠳᠤᠨᠢ ᠠᠬᠢᠭᠤᠯᠪᠠ᠃ ᠬᠠᠮᠳᠤ ᠳᠤᠨᠢ ᠢᠳᠡᠬᠡᠨ ᠤ ᠠᠮᠤᠷ ᠲᠦᠪᠰᠢᠨ  ᠤ ᠬᠠᠤᠯᠢ ᠶᠢ ᠨᠠᠶᠢᠳᠠᠪᠤᠷᠢᠵᠢᠭᠤᠯᠬᠤ ᠳᠤ ᠴᠢᠭᠯᠡᠬᠦᠯᠦᠨ ᠢᠵᠢ ᠪᠦᠷᠢᠳᠦᠭᠰᠡᠨ ᠲᠦᠷᠢᠮ ᠲᠤᠬᠳᠠᠭᠠᠯ ᠲᠤᠭᠳᠠᠭᠠᠪᠠ᠃ ᠨᠢᠳᠤᠨᠤᠨ ᠵᠠᠰᠠᠪᠤᠷᠢ ᠤᠷᠤᠭᠤᠯᠤᠬᠰᠠᠨ ᠤ ᠲᠠᠷᠠᠭᠠᠬᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠳᠡᠬᠡᠨ ᠤ ᠠᠮᠤᠷ ᠲᠦᠪᠰᠢᠨ ᠤ ᠬᠠᠤᠯᠢ︾ ᠶᠢ ᠬᠡᠷᠡᠭᠵᠢᠬᠦᠯᠦᠭᠰᠡᠨ ᠠᠴᠠ ᠨᠠᠰᠢ᠂ ᠮᠠᠨ ᠤ ᠤᠷᠤᠨ ᠨᠢᠬᠡᠨᠳᠡ ᠤᠷᠤᠨ ᠨᠤᠳᠤᠬ ᠤᠨ ᠴᠢᠨᠠᠷᠳᠠᠢ ᠬᠠᠤᠯᠢ ᠲᠦᠷᠢᠮ ᠵᠢᠴᠢ ᠵᠢᠯᠤᠭᠤᠳᠤᠮᠵᠢ ᠶᠢᠨ ᠴᠢᠨᠠᠷᠳᠠᠢ ᠪᠢᠴᠢᠭ ᠮᠠᠲ᠋ᠧᠷᠢᠶᠡᠯ ᠢ 160 ᠭᠠᠷᠤᠢ ᠲᠤᠬᠲᠠᠭᠠᠬᠰᠠᠨ ᠪᠠᠶᠢᠨ᠎ᠠ᠃      ᠬᠤᠶᠠᠷ ᠲᠤ᠂ ᠬᠤᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠢᠳᠡᠬᠡᠨ ᠡᠵᠡᠩᠨᠡᠭᠴᠢ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠤᠷᠤᠨ ᠪᠠᠶᠢᠷᠢ ᠳ᠋ᠳᠤᠨᠢ ᠬᠦᠷᠲᠡᠯ᠎ᠠ ᠬᠠᠮᠢᠶᠠᠷᠬᠤ ᠶᠢ ᠪᠡᠶᠡᠯᠡᠬᠦᠯᠵᠦ᠂ ᠢᠲᠡᠭᠡᠨ ᠤ ᠠᠮᠤᠷ ᠲᠦᠪᠰᠢᠨ ᠤ ᠪᠦᠬᠦ ᠶᠠᠪᠤᠴᠠ ᠶᠢ ᠪᠦᠷᠬᠦᠭᠰᠡᠨ ᠬᠢᠨᠠᠨ ᠬᠠᠮᠢᠶᠠᠷᠤᠯᠳᠠ ᠶᠢ ᠪᠡᠶᠡᠯᠡᠬᠦᠯᠬᠦ ᠶᠢ ᠪᠠᠲᠤᠯᠠᠪᠠ᠃      ᠭᠤᠷᠪᠠ ᠳᠤ᠂ ᠭᠤᠷᠪᠠᠨ ᠲᠠᠯ᠎ᠠ ᠪᠠᠷ ᠰᠢᠨ᠎ᠠ ᠶᠢ ᠡᠬᠦᠳᠬᠦ ᠶᠢ ᠬᠡᠷᠡᠭᠵᠢᠬᠦᠯᠵᠦ᠂ ᠨᠢᠬᠡᠳᠦᠬᠡᠷ ᠲᠤ ᠬᠤᠶᠠᠷ ᠦᠨᠡᠮᠯᠡᠯ ᠢ ᠨᠢᠬᠡᠳᠬᠡᠬᠦ ᠰᠢᠨ᠎ᠠ ᠶᠢ ᠡᠬᠦᠳᠪᠡ᠃ ᠮᠠᠨ ᠤ ᠤᠷᠤᠨ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠢᠳᠡᠬᠡᠨ ᠤ ᠬᠦᠢᠯᠬᠡᠬᠡ ᠪᠠ ᠢᠳᠡᠬᠡᠨ ᠤᠮᠳᠠᠭᠠᠨ ᠤ ᠡᠵᠡᠩᠨᠡᠯᠳᠡ ᠶᠢᠨ ᠬᠡᠯᠪᠡᠷᠢ ᠶᠢ ᠨᠢᠬᠡᠳᠬᠡᠭᠰᠡᠨ ᠢᠳᠡᠬᠡᠨ ᠤ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ ᠢ ᠬᠡᠷᠡᠭᠵᠢᠬᠦᠯᠪᠡ᠃ ᠬᠤᠶᠠᠳᠤᠭᠠᠷ ᠲᠤ᠂ ᠱᠠᠳᠤ ᠬᠤᠪᠢᠶᠠᠨ ᠲᠦᠷᠦᠯ ᠬᠤᠪᠢᠶᠠᠵᠦ ᠬᠢᠨᠠᠨ ᠬᠠᠮᠢᠶᠠᠷᠬᠤ ᠶᠢ ᠬᠡᠷᠡᠭᠵᠢᠬᠦᠯᠵᠦ᠂ ᠢᠳᠡᠭᠡᠨ ᠤ ᠠᠮᠤᠷ ᠲᠦᠪᠰᠢᠨ ᠤ ᠲᠡᠰ ᠤᠨ ᠬᠤᠪᠢᠶᠠᠷᠢᠯᠠᠯ ᠶᠤᠰᠤᠭᠠᠷ᠂ ᠦᠪᠡᠷᠲᠡᠬᠡᠨ ᠵᠠᠰᠠᠬᠤ ᠤᠷᠤᠨ᠂ ᠠᠶᠢᠮᠠᠬ ᠬᠤᠳᠠ ᠠᠴᠠ ᠬᠤᠰᠢᠭᠤ ᠰᠢᠶᠠᠨ ᠲᠡᠷᠡᠴᠢᠯᠡᠨ ᠦᠨᠳᠦᠰᠦᠨ ᠱᠠᠳᠤᠨ ᠤ ᠬᠢᠨᠠᠨ ᠬᠠᠮᠢᠶᠠᠷᠤᠯᠳᠠ ᠶᠢᠨ ᠲᠠᠰᠤᠬ ᠬᠦᠷᠲᠡᠯ᠎ᠠ ᠲᠦᠷᠪᠡᠨ ᠱᠠᠳᠤ ᠶᠢᠨ ᠬᠢᠨᠠᠨ ᠬᠠᠮᠢᠶᠠᠷᠤᠯᠳᠠ ᠨᠢ ᠪᠦᠷ ᠭᠤᠤᠯᠳᠠᠯᠭ᠎ᠠ ᠲᠠᠢ ᠪᠠᠶᠢᠵᠦ᠂ ᠢᠳᠡᠬᠡᠨ ᠤ ᠠᠮᠤᠷ ᠲᠦᠪᠰᠢᠨ ᠢ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠬᠠᠮᠤᠬ ᠤᠨ ᠶᠡᠭᠡ ᠬᠡᠮᠵᠢᠶ᠎ᠠ ᠪᠠᠷ ᠲᠡᠭᠡᠭᠰᠢᠯᠡᠬᠦᠯᠪᠡ᠃ ᠭᠤᠷᠪᠠᠳᠤᠭᠠᠷ ᠲᠤ᠂ ᠤᠨᠴᠠᠭᠠᠢ ᠢᠳᠡᠬᠡᠨ ᠤ ᠬᠢᠨᠠᠨ ᠬᠠᠮᠢᠶᠠᠷᠤᠯᠳᠠ ᠶᠢᠨ ᠰᠢᠨ᠎ᠠ ᠶᠢ ᠡᠬᠦᠳᠴᠤ᠂ ᠨᠢᠯᠬ᠎ᠠ ᠬᠡᠤᠬᠡᠳ ᠲᠤ ᠵᠤᠷᠢᠭᠤᠯᠤᠬᠰᠠᠨ ᠨᠠᠶᠢᠷᠠᠯᠭᠠᠳᠤ ᠰᠦᠨ ᠲᠠᠯᠬ᠎ᠠ᠂ ᠨᠢᠯᠬ᠎ᠠ ᠬᠡᠤᠬᠡᠳ ᠲᠤ ᠵᠤᠷᠢᠭᠤᠯᠤᠬᠰᠠᠨ ᠨᠠᠶᠢᠷᠠᠯᠭᠠᠳᠤ ᠢᠳᠡᠬᠡᠨ᠂ ᠡᠮᠨᠡᠯᠬᠡ ᠶᠢᠨ ᠤᠨᠴᠠᠭᠠᠢ ᠬᠡᠷᠡᠭᠴᠡᠭᠡᠳᠤ ᠨᠠᠶᠢᠷᠠᠯᠭᠠᠳᠤ ᠢᠳᠡᠬᠡᠨ ᠵᠢᠴᠢ ᠡᠷᠡᠬᠦᠯᠵᠢᠯ ᠤᠨ ᠢᠳᠡᠬᠡᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠬᠰᠠᠨ ᠪᠠᠶᠢᠨ᠎ᠠ᠃      ᠲᠦᠷᠪᠡ᠂ ᠲᠦᠷᠪᠡᠨ ᠭᠤᠤᠯᠳᠠᠯᠭ᠎ᠠ᠂ ᠲᠠᠷᠤᠢ ︽ᠭᠤᠷᠪᠠᠨ ᠭᠤᠤᠯᠳᠠᠯᠭ᠎ᠠ ᠨᠢᠬᠡ ᠲᠤᠮᠤ︾ ᠶᠢ ᠠᠳᠬᠤᠪᠠ᠃ ᠲᠠᠷᠤᠢ ᠢᠳᠡᠬᠡᠨ ᠤ ᠠᠮᠤᠷ ᠲᠦᠪᠰᠢᠨ ᠤ ᠬᠦᠷᠢᠶ᠎ᠠ ᠴᠠᠷᠠᠭ᠎ᠠ ᠶᠢᠨ ᠭᠤᠤᠯᠳᠠᠯᠭ᠎ᠠ ᠲᠠᠢ ᠤᠷᠤᠨ ᠪᠦᠰᠡ᠂ ᠭᠤᠤᠯᠳᠠᠯᠭ᠎ᠠ ᠲᠠᠢ ᠲᠦᠷᠦᠯ ᠵᠦᠢᠯ ᠪᠠ ᠭᠤᠤᠯᠳᠠᠯᠭ᠎ᠠ ᠲᠠᠢ ᠴᠠᠬ ᠬᠤᠭᠤᠴᠠᠭᠠᠨ ᠳᠤ ᠬᠢᠨᠠᠨ ᠬᠠᠮᠢᠶᠠᠷᠤᠯᠳᠠ ᠬᠢᠪᠡ᠃ ᠭᠤᠤᠯᠳᠠᠯᠭ᠎ᠠ ᠲᠠᠢ ᠤᠷᠤᠨ ᠪᠦᠰᠡ ᠨᠢ ᠲᠠᠷᠤᠢ ᠬᠤᠳᠠ ᠬᠦᠳᠡᠭᠡ ᠶᠢᠨ ᠠᠭᠤᠯᠵᠠᠷ᠂ ᠬᠦᠳᠡᠭᠡ ᠲᠤᠰᠬᠤᠨ᠂ ᠰᠤᠷᠭᠠᠭᠤᠯᠢ ᠶᠢᠨ ᠤᠢᠢᠷᠠᠯᠴᠠᠭ᠎ᠠ᠂ ᠨᠡᠶᠢᠬᠡᠮ ᠲᠤᠭᠤᠷᠢᠬ ᠵᠡᠷᠭᠡ ᠶᠢᠨ ᠬᠢᠨᠠᠨ ᠬᠠᠮᠢᠶᠠᠷᠤᠯᠳᠠ ᠶᠢ ᠵᠢᠭᠠᠨ᠎ᠠ᠃ ᠭᠤᠤᠯᠳᠠᠯᠭ᠎ᠠ ᠲᠠᠢ ᠲᠦᠷᠦᠯ ᠵᠦᠢᠯ ᠨᠢ ᠲᠠᠷᠤᠢ ᠰᠦ ᠮᠢᠬᠠᠨ ᠤ ᠪᠦᠲᠦᠭᠡᠭᠳᠡᠬᠦᠨ᠂ ᠠᠮᠤ ᠲᠤᠰᠤᠨ ᠤ ᠪᠦᠲᠦᠭᠡᠭᠳᠡᠬᠦᠨ ᠪᠠ ᠠᠷᠢᠬᠢᠨ ᠤ ᠲᠦᠷᠦᠯ ᠵᠡᠷᠭᠡ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠪᠠ᠃ ᠭᠤᠤᠯᠳᠠᠯᠭ᠎ᠠ ᠲᠠᠢ ᠴᠠᠬ ᠬᠤᠭᠤᠴᠠᠭ᠎ᠠ ᠨᠢ ᠲᠠᠷᠤᠢ ᠭᠤᠤᠯᠳᠠᠯᠭ᠎ᠠ ᠲᠠᠢ ᠪᠠᠶᠠᠷ ᠲᠤᠷᠠᠰᠬᠠᠯ ᠠᠮᠠᠷᠠᠯᠳᠠ ᠶᠢᠨ ᠡᠳᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠪᠠ᠃ ︽ᠨᠢᠬᠡ ᠲᠤᠮᠤ︾ ᠨᠢ ᠲᠤᠮᠤ ᠠᠵᠦ ᠠᠬᠤᠢᠢᠯᠠᠯ ᠢ ᠵᠢᠭᠠᠵᠦ᠂ ᠪᠦᠬᠦ ᠤᠷᠤᠨ ᠤ ᠲᠠᠭᠠᠭᠤᠯᠤᠬᠴᠢ ᠠᠵᠦ ᠠᠬᠤᠢᠢᠯᠠᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠪᠠ᠂ ᠲᠤᠮᠤ ᠠᠵᠦ ᠠᠬᠤᠢᠢᠯᠠᠯ ᠤᠨ ᠠᠵᠦ ᠦᠢᠯᠡᠰ ᠤᠨ ᠬᠡᠯᠬᠢᠶᠡᠵᠢᠯ ᠨᠢ ᠤᠷᠳᠤ᠂ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠢ ᠪᠦᠷᠬᠦᠵᠦ᠂ ᠠᠵᠦᠦ᠋ᠯᠡᠰ ᠤᠨ ᠠᠮᠤᠷ ᠲᠦᠪᠰᠢᠨ ᠨᠢ ᠨᠡᠩ ᠴᠢᠬᠤᠯᠠ ᠪᠠᠶᠢᠳᠠᠬ᠃      ᠳᠠᠪᠤ ᠳᠤ᠂ ᠳᠠᠪᠤᠨ‌‍ᠰᠢᠰᠲ᠋ᠧᠮᠵᠢ ᠶᠢ ᠪᠦᠷᠢᠨᠰᠢᠭᠦᠯᠵᠤ᠂ ᠴᠢᠩᠭ᠎ᠠ ᠨᠢᠭᠳᠠ ᠰᠢᠨᠵᠢᠯᠡᠭᠦ ᠤᠬᠠᠭᠠᠨᠴᠢ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠵᠤ᠂ ᠮᠦᠷᠳᠡᠵᠤ ᠪᠤᠯᠬᠤ ᠰᠢᠰᠲ᠋ᠧᠮᠵᠢ ᠶᠢ ᠪᠦᠷᠢᠨᠰᠢᠭᠦᠯᠵᠤ᠂ ᠬᠢᠨᠠᠨ ᠬᠠᠮᠢᠶᠠᠷᠤᠯᠳᠠ ᠶᠢᠨ ᠰᠢᠰᠲ᠋ᠧᠮᠵᠢ ᠶᠢ ᠪᠦᠷᠢᠨᠰᠢᠭᠦᠯᠵᠤ᠂ ᠳᠤᠰᠬᠠᠢ ᠮᠡᠷᠭᠡᠰᠢᠭᠰᠡᠨ ᠬᠢᠨᠠᠨ ᠪᠠᠶᠢᠴᠠᠭᠠᠵᠤ ᠬᠢᠨᠠᠨ ᠰᠢᠯᠭᠠᠬᠤ ᠰᠢᠰᠲ᠋ᠧᠮᠵᠢ ᠶᠢ ᠪᠦᠷᠢᠨᠰᠢᠭᠦᠯᠵᠤ᠂ ᠵᠢᠷᠤᠮᠵᠢᠭᠰᠠᠨ ᠬᠠᠤᠯᠢ ᠴᠠᠭᠠᠵᠠ ᠶᠢᠨ ᠲᠦᠷᠢᠮ ᠤᠨ ᠰᠢᠰᠲ᠋ᠧᠮᠵᠢ ᠶᠢ ᠪᠦᠷᠢᠨᠰᠢᠭᠦᠯᠵᠤ᠂ ᠨᠢᠭᠡᠨ ᠰᠢᠷᠢᠰ ᠲᠦᠷᠢᠮ ᠳᠤᠭᠳᠠᠭᠠᠯ ᠢ ᠪᠤᠢ ᠪᠤᠯᠭᠠᠵᠤ᠂ ᠵᠠᠰᠠᠪᠤᠷᠢ ᠤᠷᠤᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠲᠠᠢ ᠢᠵᠢ ᠪᠦᠷᠢᠳᠦᠭᠦᠯᠵᠤ᠂ ᠡᠭᠦᠨ ᠤ ᠤᠯᠠᠮ ᠠᠴᠠ ᠡᠷᠭᠡ ᠰᠦᠷᠳᠦ ᠨᠢᠭᠡᠳᠦᠯᠳᠠᠢ᠂ ᠨᠢᠭᠡᠳᠦᠯᠳᠠᠢ ᠵᠤᠬᠢᠴᠠᠭᠤᠯᠭ᠎ᠠ ᠬᠢᠭᠦ ᠦᠪᠦᠷ ᠮᠤᠩᠭᠤᠯ ᠤᠨ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮᠵᠢ ᠶᠢ ᠪᠦᠷᠢᠯᠳᠦᠭᠦᠯᠵᠠᠢ᠃      ᠰᠤᠷᠪᠤᠯᠵᠢᠯᠠᠭᠴᠢ᠄ ᠨᠠᠮ ᠪᠤᠯᠤᠨ ᠤᠯᠤᠰ ᠤᠨ ᠤᠳᠤᠷᠢᠳᠬᠤ ᠬᠦᠮᠦᠰ ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠠ ᠪᠠᠷ ᠬᠦᠨᠳᠦᠳᠭᠡᠨ ᠦᠵᠡᠵᠤ᠂ ᠶᠡᠷᠦᠩᠭᠡᠢ ᠱᠦᠵᠢ ᠰᠢ ᠶᠢᠨ ᠫᠢᠩ ᠠᠴᠠ ︽ᠬᠠᠮᠤᠭ ᠴᠢᠩᠭ᠎ᠠ ᠨᠢᠮᠪᠠᠢ ᠪᠠᠷ ᠪᠠᠷᠢᠮᠵᠢᠶᠠᠯᠠᠬᠤ᠂ ᠬᠠᠮᠤᠭ ᠴᠢᠩᠭ᠎ᠠ ᠬᠠᠳᠠᠭᠤ ᠪᠠᠷ ᠬᠢᠨᠠᠨ ᠬᠠᠮᠢᠶᠠᠷᠬᠤ᠂ ᠬᠠᠮᠤᠭ ᠴᠢᠩᠭ᠎ᠠ ᠰᠦᠷᠡᠭᠡᠢ ᠪᠠᠷ ᠰᠢᠳᠭᠡᠯ ᠤᠯᠭᠤᠬᠤ᠂ ᠬᠠᠮᠤᠭ ᠲᠦᠪ ᠴᠢᠩᠭ᠎ᠠ ᠪᠠᠷ ᠬᠠᠷᠢᠭᠤᠴᠠᠯᠭ᠎ᠠ ᠨᠡᠭᠡᠮᠵᠢᠯᠡᠭᠦ ᠪᠠᠷ ᠳᠠᠮᠶᠢᠨ᠂ ᠠᠷᠠᠳ ᠤᠯᠠᠨ ᠤ ᠢᠳᠡᠭᠡᠨ ᠤ ᠠᠮᠤᠷ ᠲᠦᠪᠰᠢᠨ ᠢ ᠪᠠᠳᠤᠯᠠᠬᠤ ᠬᠡᠷᠡᠭᠳᠠᠢ︾ ᠭᠡᠵᠤ ᠳᠤᠷᠠᠳᠪᠠ᠃ ᠳᠡᠭᠡᠪᠡᠯ᠂ ᠮᠠᠨ ᠤ ᠤᠷᠤᠨ ᠢᠳᠡᠭᠡᠨ ᠡᠮ ᠤᠨ ᠵᠦᠢᠯᠡᠰ ᠤᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠤᠬᠢᠯᠳᠠ ᠦᠭᠭᠦ ᠳᠠᠯ᠎ᠠ ᠳᠤ ᠶᠠᠮᠠᠷᠰᠢᠤ ᠪᠤᠳᠠᠳᠠᠢ ᠠᠷᠭ᠎ᠠ ᠠᠪᠴᠤ ᠪᠠᠶᠢᠬᠤ ᠪᠤᠢ︖      ᠸᠠᠩ ᠶᠤᠧᠠᠢ ᠮᠢᠩ ︵ᠦᠪᠡᠷᠳᠡᠭᠡᠨ ᠵᠠᠰᠠᠬᠤ ᠤᠷᠤᠨ ᠤ ᠢᠳᠡᠭᠡᠨ ᠡᠮ ᠤᠨ ᠵᠦᠢᠯᠡᠰ ᠲᠤ ᠬᠢᠨᠠᠯᠲᠠ ᠲᠠᠯᠪᠢᠵᠤ ᠬᠠᠮᠢᠶᠠᠷᠬᠤ ᠳᠤᠪᠴᠢᠶ᠎ᠠ ᠶᠢᠨ ᠢᠳᠡᠭᠡᠨ ᠡᠮ ᠤᠨ ᠵᠦᠢᠯᠡᠰ ᠤᠨ ᠪᠠᠶᠢᠴᠠᠭᠠᠯᠳᠠ ᠶᠢᠨ ᠳᠤᠪᠴᠢᠶ᠎ᠠ ᠶᠢᠨ ᠳᠠᠷᠤᠭ᠎ᠠ︶᠄ ᠨᠢᠭᠡ ᠳᠤ᠂ ᠴᠤᠭᠢᠯᠳᠠ ᠦᠭᠭᠦ ᠡᠷᠴᠢᠮ  ᠢᠶᠠᠨ ᠳᠠᠰᠤᠷᠠᠯᠳᠠ ᠦᠭᠡᠢ ᠦᠷᠭᠡᠳᠭᠡᠨ᠎ᠠ᠃ ᠵᠠᠭᠠᠯᠳᠤᠯᠭ᠎ᠠ ᠪᠠᠶᠢᠪᠠᠯ ᠡᠷᠬᠡᠪᠰᠢ ᠬᠦᠯᠢᠶᠡᠨ ᠠᠪᠬᠤ᠂ ᠬᠡᠷᠡᠭ ᠡᠭᠦᠰᠪᠡᠯ ᠡᠷᠬᠡᠪᠰᠢ ᠪᠠᠶᠢᠴᠠᠭᠠᠬᠤ᠂ ᠬᠠᠤᠯᠢ ᠠᠴᠠ ᠵᠦᠷᠢᠴᠡᠪᠡᠯ ᠡᠷᠬᠡᠪᠰᠢ ᠨᠡᠭᠡᠮᠵᠢᠯᠡᠭᠦ᠂ ᠶᠠᠯ᠎ᠠ ᠳᠤ ᠬᠤᠯᠪᠤᠭᠳᠠᠪᠠᠯ ᠡᠷᠬᠡᠪᠰᠢ ᠰᠢᠯᠵᠢᠭᠦᠯᠦᠨ ᠦᠭᠭᠦ᠂ ᠬᠠᠤᠯᠢ ᠶᠤᠰᠤᠭᠠᠷ ᠢᠯᠡ ᠪᠤᠯᠭᠠᠬᠤ ᠵᠠᠷᠴᠢᠮ ᠢᠶᠠᠷ ᠢᠳᠡᠭᠡᠨ ᠡᠮ ᠤᠨ ᠵᠦᠢᠯᠡᠰ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠭᠦᠨ᠎ᠠ᠃ ᠬᠤᠶᠠᠷ ᠲᠤ᠂ ᠶᠠᠯᠠᠯᠠᠬᠤ ᠬᠢᠭᠡᠳ ᠰᠡᠷᠭᠡᠶᠢᠯᠡᠭᠦ ᠠᠷᠭ᠎ᠠ ᠶᠢ ᠬᠠᠮᠳᠤ ᠳᠤᠨᠢ ᠬᠡᠷᠡᠭᠯᠡᠭᠦ ᠵᠠᠷᠴᠢᠮ ᠢ ᠪᠠᠷᠢᠮᠳᠠᠯᠠᠵᠤ᠂ ᠬᠠᠤᠯᠢ ᠠᠴᠠ ᠵᠦᠷᠢᠴᠡᠭᠦ ᠪᠤᠯᠤᠮᠵᠢ ᠲᠠᠢ ᠪᠤᠯᠤᠭᠰᠠᠨ ᠭᠡᠷᠡᠭ ᠲᠤ᠂ ᠬᠠᠷᠢᠭᠤᠴᠠᠯᠭ᠎ᠠ ᠶᠢᠨ ᠳᠤᠬᠠᠢ ᠶᠠᠷᠢᠯᠴᠠᠬᠤ᠂ ᠵᠠᠰᠠᠭ ᠵᠠᠬᠢᠷᠭᠠᠨ ᠤ ᠰᠡᠷᠡᠮᠵᠢᠯᠡᠭᠦᠯᠦᠯ ᠦᠭᠭᠦ ᠠᠷᠭ᠎ᠠ ᠬᠡᠯᠪᠡᠷᠢ ᠶᠢ ᠠᠪᠴᠦ᠂ ᠠᠵᠤ ᠠᠬᠤᠢᠢᠯᠠᠯ ᠤᠨ ᠬᠠᠷᠢᠭᠤᠴᠠᠯᠭᠠᠳᠠᠨ ᠤ ᠳᠤᠳᠤᠭᠠᠳᠤ ᠳᠠᠭᠠᠨ ᠬᠠᠮᠢᠶᠠᠷᠤᠯᠳᠠ ᠬᠢᠭᠦ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠡᠭᠦᠷᠭᠡᠯᠡᠭᠦ ᠶᠢ ᠰᠠᠨᠠᠭᠤᠯᠵᠤ ᠰᠡᠷᠡᠮᠵᠢᠯᠡᠭᠦᠯᠦᠨ᠎ᠠ᠃ ᠭᠤᠷᠪᠠ ᠳᠤ᠂ ︽ᠭᠤᠷᠪᠠ ᠶᠢ ᠤᠶᠠᠯᠳᠤᠭᠤᠯᠬᠤ︾ ᠶᠢ ᠬᠡᠷᠡᠭᠵᠢᠭᠦᠯᠪᠡ᠃ ᠵᠠᠰᠠᠭ ᠵᠠᠬᠢᠷᠭᠠᠨ ᠤ ᠰᠢᠳᠭᠡᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠭᠦ ᠬᠢᠭᠡᠳ ᠡᠳᠦᠷ ᠳᠤᠳᠤᠮ  ᠤᠨ ᠬᠢᠨᠠᠨ ᠬᠠᠮᠢᠶᠠᠷᠤᠯᠳᠠ ᠶᠢ ᠤᠶᠠᠯᠳᠤᠭᠤᠯᠵᠤ᠂ ︽ᠬᠡᠷᠡᠭ ᠢ ᠳᠡᠭᠤᠰᠬᠠᠪᠠᠯ ᠶᠠᠪᠤᠳᠠᠯ ᠨᠢ ᠳᠡᠭᠦᠰᠴᠢᠭᠡᠭᠦ︾ ᠠᠪᠳᠠᠯ  ᠢ ᠬᠤᠪᠢᠷᠠᠭᠤᠯᠵᠤ᠂ ᠬᠡᠷᠡᠭ ᠢ ᠪᠠᠶᠢᠴᠠᠭᠠᠨ ᠰᠢᠢᠳᠪᠦᠷᠢᠯᠡᠭᠦ ᠶᠠᠪᠤᠴᠠ ᠳᠤ ᠡᠳᠦᠷ ᠳᠤᠳᠤᠮ ᠤᠨ ᠬᠢᠨᠠᠨ ᠬᠠᠮᠢᠶᠠᠷᠤᠯᠳᠠ ᠶᠢᠨ ᠤᠷᠤᠰᠢᠵᠤ ᠪᠠᠶᠢᠬᠤ ᠠᠰᠠᠭᠤᠳᠠᠯ ᠠᠯᠳᠠᠭᠳᠠᠯ ᠢ ᠢᠯᠡᠷᠡᠭᠦᠯᠵᠤ᠂ ᠬᠤᠯᠪᠤᠭᠳᠠᠯ ᠪᠦᠭᠦᠢ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠬᠠᠷᠢᠭᠤ ᠳᠤᠰᠬᠠᠨ᠎ᠠ᠃ ᠢᠳᠡᠭᠡᠨ ᠡᠮ ᠤᠨ ᠵᠦᠢᠯᠡᠰ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠭᠢᠯᠳᠠ ᠦᠭᠭᠦ ᠪᠠᠷ ᠪᠠᠷᠠᠬᠤ ᠦᠭᠡᠢ᠂ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠵᠠᠷᠴᠢᠮ ᠢ ᠪᠠᠷᠢᠮᠳᠠᠯᠠᠵᠤ᠂ ᠠᠵᠤ ᠠᠬᠤᠢᠢᠯᠠᠯ ᠤᠨ ᠬᠤᠳᠠᠯ ᠬᠠᠭᠤᠷᠮᠠᠭ ᠪᠠᠷᠠᠭ᠎ᠠ ᠳᠠᠸᠠᠷ ᠲᠤ ᠴᠤᠬᠢᠯᠳᠠ ᠦᠭᠭᠦ ᠬᠦᠮᠤᠰ ᠲᠠᠢ ᠬᠤᠯᠪᠤᠭ᠎ᠠ ᠪᠠᠶᠢᠭᠤᠯᠵᠤ᠂ ᠵᠤᠬᠢᠬᠤ ᠠᠷᠭ᠎ᠠ ᠬᠡᠮᠵᠢᠶ᠎ᠠ ᠠᠪᠴᠦ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠢᠳᠡᠪᠬᠢᠳᠠᠢ ᠪᠠᠷ ᠬᠠᠮᠠᠭᠠᠯᠠᠨ᠎ᠠ᠃ ᠡᠭᠦᠨ ᠤ ᠬᠠᠮᠳᠤ᠂ ᠢᠳᠡᠭᠡᠨ ᠡᠮ ᠤᠨ ᠵᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠬᠢᠭᠡᠳ ᠡᠷᠡᠭᠦᠦ ᠶᠢᠨ ᠬᠠᠤᠯᠢ ᠴᠠᠭᠠᠵᠠ ᠲᠠᠢ ᠵᠤᠯᠭᠠᠭᠤᠯᠬᠤ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠵᠤ᠂ ᠢᠳᠡᠭᠡᠨ ᠡᠮ  ᠤᠨ ᠵᠦᠢᠯᠡᠰ ᠤᠨ ᠬᠦᠷᠢᠶ᠎ᠠ ᠴᠠᠷᠠᠭ᠎ᠠ ᠳᠠᠬᠢ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠭᠦ ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠡᠷᠡᠭᠦᠯ ᠴᠢᠬᠢᠷᠠᠭ ᠠᠮᠤᠷ ᠲᠦᠪᠰᠢᠨ ᠢ ᠪᠠᠳᠤᠯᠠᠨ᠎ᠠ᠃      ᠰᠤᠷᠪᠤᠯᠵᠢᠯᠠᠭᠴᠢ᠄ ᠢᠳᠡᠭᠡᠨ ᠤ ᠦᠢᠯᠡᠳᠪᠦᠷᠢᠯᠡᠯ ᠨᠢ ᠠᠮᠤᠷ ᠲᠦᠪᠰᠢᠨ ᠪᠠᠶᠢᠬᠤ ᠡᠰᠡᠭᠦ ᠶᠢ ᠤᠯᠠᠨ ᠲᠦᠮᠡᠨ ᠤᠨᠴᠠᠭᠠᠢ ᠠᠩᠬᠠᠷᠤᠨ ᠬᠠᠯᠠᠮᠵᠢᠯᠠᠵᠤ ᠪᠠᠶᠢᠳᠠᠭ᠃ ᠳᠡᠭᠡᠪᠡᠯ᠂ ᠮᠠᠨ ᠤ ᠤᠷᠤᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠢᠢᠯᠠᠯ ᠢᠯᠠᠩᠭᠤᠶ᠎ᠠ ᠵᠢᠵᠢᠭ ᠦᠢᠯᠡᠳᠭᠡᠯ ᠵᠢᠵᠢᠭ ᠳᠡᠯᠭᠡᠭᠦᠷᠴᠢᠨ ᠤ ᠲᠤᠬᠠᠢ ᠬᠡᠷᠬᠢᠨ ᠬᠢᠨᠠᠨ ᠬᠠᠮᠢᠶᠠᠷᠤᠯᠲᠠ ᠬᠢᠵᠦ ᠪᠠᠶᠢᠬᠤ ᠪᠤᠢ︖      ᠳ᠋ᠢᠩ ᠶᠦᠩ ︵ᠦᠪᠡᠷᠳᠡᠭᠡᠨ ᠵᠠᠰᠠᠬᠤ ᠤᠷᠤᠨ ᠤ ᠢᠳᠡᠭᠡᠨ ᠡᠮ ᠤᠨ ᠵᠦᠢᠯᠡᠰ ᠲᠤ ᠬᠢᠨᠠᠯᠳᠠ ᠲᠠᠯᠪᠢᠵᠤ ᠬᠠᠮᠢᠶᠠᠷᠬᠤ ᠳᠤᠪᠴᠢᠶ᠎ᠠ ᠶᠢᠨ ᠢᠳᠡᠭᠡᠨ ᠤ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠭᠠᠵᠠᠷ ᠤᠨ ᠳᠠᠷᠤᠭ᠎ᠠ︶ ᠄ ᠮᠠᠨ ᠤ ᠤᠷᠤᠨ ᠲᠤ ᠤᠳᠤᠬᠠᠨ ᠤ ᠪᠠᠶᠢᠭ᠎ᠠ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠭᠡᠯ ᠤᠨ ᠭᠠᠵᠠᠷ 1.6 ᠲᠦᠮᠡ ᠪᠤᠢ᠂ ᠢᠳᠡᠭᠡᠨ ᠤ ᠳᠡᠯᠭᠡᠭᠦᠷᠴᠢᠨ 9.85 ᠲᠦᠮᠡ ᠪᠤᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠪᠤᠯᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠢᠳᠡᠭᠡᠨ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠭᠡᠯ ᠪᠤᠯᠤᠨ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠳᠠ ᠶᠢᠨ ᠲᠦᠷᠢᠮ︾ ᠶᠤᠰᠤᠭᠠᠷ᠂ ᠢᠳᠡᠭᠡᠨ ᠡᠮ ᠤᠨ ᠵᠦᠢᠯᠡᠰ ᠲᠤ ᠬᠢᠨᠠᠯᠳᠠ ᠲᠠᠯᠪᠢᠵᠤ ᠬᠠᠮᠢᠶᠠᠷᠬᠤ ᠳᠤᠪᠴᠢᠶ᠎ᠠ ᠪᠦᠬᠦ ᠤᠷᠤᠨ ᠤ ᠢᠳᠡᠭᠡᠨ ᠤ ᠦᠢᠯᠡᠳᠪᠦᠷᠢᠯᠡᠯ ᠤᠨ ᠠᠵᠤ ᠠᠬᠤᠢᠢᠯᠠᠯ ᠪᠤᠯᠤᠨ ᠢᠳᠡᠭᠡᠨ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠭᠡᠯ᠂ ᠵᠢᠵᠢᠭ ᠳᠡᠯᠭᠡᠭᠦᠷᠴᠢᠨ ᠳᠤ ᠬᠠᠮᠤᠭ ᠴᠢᠩᠭ᠎ᠠ ᠬᠢᠨᠠᠨ ᠬᠠᠮᠢᠶᠠᠷᠤᠯᠳᠠ ᠬᠢᠵᠤ᠂ ︽ᠢᠳᠡᠭᠡᠨ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠭᠡᠯ ᠢ ᠳᠠᠩᠰᠠᠯᠠᠭᠤᠯᠬᠤ ᠵᠢᠴᠢ ᠬᠢᠨᠠᠨ ᠬᠠᠮᠢᠶᠠᠷᠤᠯᠳᠠ ᠶᠢᠨ ᠠᠷᠭ᠎ᠠ ︵ᠳᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠳᠠᠷᠬᠠᠭᠠᠨ ᠦᠭᠴᠦ᠂ ᠢᠳᠡᠭᠡᠨ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠭᠡᠯ ᠤᠨ ᠴᠠᠭᠠᠵᠠᠯᠠᠬᠤ ᠨᠡᠷᠡᠰ ᠢ ᠢᠯᠡ ᠨᠡᠶᠢᠳᠡᠯᠡᠭᠰᠡᠨ ᠤ ᠬᠠᠮᠳᠤ᠂ 2016 ᠣᠨ ᠤ 2 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ ᠢᠳᠡᠭᠡᠨ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠭᠡᠯ ᠢ ᠳᠠᠩᠰᠠᠯᠠᠭᠤᠯᠬᠤ ᠬᠠᠮᠢᠶᠠᠷᠤᠯᠳᠠ ᠬᠢᠪᠡ᠃ ᠤᠳᠤᠬᠠᠨ ᠪᠤᠯᠳᠠᠯ᠎ᠠ᠂ ᠮᠠᠨ ᠤ ᠤᠷᠤᠨ ᠳᠤ ᠢᠳᠡᠭᠡᠨ ᠦᠢᠯᠡᠳᠪᠦᠷᠢᠯᠡᠵᠤ ᠡᠳ᠋ᠰᠢᠭᠦᠯᠬᠦ ᠵᠢᠵᠢᠭ ᠦᠢᠯᠡᠳᠭᠡᠯ ᠢ ᠳᠠᠩᠰᠠᠯᠠᠭᠤᠯᠤᠭᠰᠠᠨ ᠦᠨᠡᠮᠯᠡᠯ 792 ᠪᠤᠢ᠃ ᠡᠭᠦᠨ ᠤ ᠬᠠᠮᠳᠤ᠂ ᠦᠨᠳᠦᠰᠦᠨ ᠱᠠᠳᠤᠨ ᠤ ᠢᠳᠡᠭᠡᠨ ᠡᠮ ᠤᠨ ᠵᠦᠢᠯᠡᠰ ᠲᠤ ᠬᠢᠨᠠᠯᠳᠠ ᠲᠠᠯᠪᠢᠵᠤ ᠬᠠᠮᠢᠶᠠᠷᠬᠤ ᠰᠠᠯᠠᠭ᠎ᠠ ᠮᠦᠴᠢᠷ ᠢ ᠱᠠᠭᠠᠷᠳᠠᠨ᠂ ᠬᠠᠷᠢᠶ᠎ᠠ ᠤᠷᠤᠨ ᠤ ᠪᠤᠳᠠᠳᠠᠢ ᠪᠠᠶᠢᠳᠠᠯ ᠢᠶᠠᠨ ᠦᠨᠳᠦᠰᠦᠯᠡᠵᠤ ᠢᠳᠡᠭᠡᠨ ᠤ ᠵᠢᠵᠢᠭ ᠦᠢᠯᠡᠳᠭᠡᠯ ᠳᠤ ᠵᠢᠯ ᠪᠦᠷᠢ ᠠᠳᠠᠭ ᠪᠠᠭ᠎ᠠ ᠳᠠᠭᠠᠨ 4 ᠤᠳᠠᠭ᠎ᠠ ᠡᠳᠦᠷ ᠳᠤᠳᠤᠮ ᠤᠨ ᠪᠠᠶᠢᠴᠠᠭᠠᠯᠳᠠ ᠬᠢᠵᠤ᠂ ᠠᠳᠠᠭ ᠪᠠᠭ᠎ᠠ ᠳᠠᠭᠠᠨ 1 ᠤᠳᠠᠭ᠎ᠠ ᠶᠢᠨ ᠰᠤᠭᠤᠴᠢᠨ ᠪᠠᠶᠢᠴᠠᠭᠠᠯᠳᠠ ᠬᠢᠭᠦ ᠶᠢᠨ ᠬᠠᠮᠳᠤ᠂ ᠪᠠᠶᠢᠴᠠᠭᠠᠯᠳᠠ ᠬᠢᠭᠰᠡᠨ ᠰᠤᠭᠤᠴᠢᠨ ᠪᠠᠶᠢᠴᠠᠭᠠᠯᠳᠠ ᠬᠢᠭᠰᠡᠨ ᠦᠷ᠎ᠠ ᠳ᠋ᠦᠩ ᠢ ᠢᠯᠡ ᠵᠠᠷᠯᠠᠬᠤ ᠪᠤᠯᠤᠨ᠎ᠠ᠃ ᠤᠳᠤᠬᠠᠨ ᠳᠤ ︽ᠢᠳᠡᠭᠡᠨ ᠤ ᠳᠡᠯᠭᠡᠭᠦᠷᠴᠢᠨ ᠬᠢᠭᠡᠳ ᠵᠢᠵᠢᠭ ᠬᠤᠭᠤᠯᠠᠨ ᠬᠡᠷ ᠢ ᠳᠠᠩᠰᠠᠨ ᠳᠤ ᠳᠡᠮᠳᠡᠭᠯᠡᠭᠦᠯᠬᠦ ᠬᠠᠮᠢᠶᠠᠷᠤᠯᠳᠠ ᠶᠢᠨ ᠠᠷᠭ᠎ᠠ︾ ᠶᠢ ᠳᠤᠭᠳᠠᠭᠠᠵᠤ ᠪᠤᠢ᠃ ᠤᠢᠢᠷ᠎ᠠ ᠶᠢᠨ ᠵᠢᠯ᠂ ᠢᠳᠡᠭᠡᠨ ᠡᠮ ᠤᠨ ᠵᠦᠢᠯᠡᠰ ᠲᠤ ᠬᠢᠨᠠᠯᠳᠠ ᠲᠠᠯᠪᠢᠵᠤ ᠬᠠᠮᠢᠶᠠᠷᠬᠤ ᠳᠤᠪᠴᠢᠶ᠎ᠠ ᠵᠢᠵᠢᠭ ᠦᠢᠯᠡᠳᠭᠡᠯ ᠤᠨ ᠳᠤᠬᠠᠢ ᠬᠢᠨᠠᠨ ᠬᠠᠮᠢᠶᠠᠷᠤᠯᠳᠠ ᠶᠢᠨ ᠠᠵᠢᠯ ᠳᠤᠮᠳᠠ ᠵᠠᠷᠢᠮ ᠠᠰᠢᠭᠳᠠᠢ ᠰᠡᠳᠬᠢᠴᠡ ᠶᠢ ᠰᠦᠪᠡᠭᠴᠢᠯᠡᠨ ᠭᠠᠷᠭᠠᠪᠠ᠂ ᠵᠢᠱᠢᠶᠡᠯᠡᠪᠡᠯ ᠵᠢᠵᠢᠭ ᠦᠢᠯᠡᠳᠭᠡᠯ ᠤᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ ᠳᠤᠷᠰᠢᠯᠳᠠ ᠶᠢᠨ ᠴᠢᠬ ᠤᠨ ᠪᠦᠳᠦᠭᠡᠨ ᠪᠠᠶᠢᠭᠤᠯᠤᠯᠳᠠ ᠬᠢᠵᠤ᠂ ᠳᠠᠷᠠᠬᠠᠢ ᠪᠤᠳᠠᠷᠬᠠᠢ ᠪᠠᠶᠢᠭ᠎ᠠ ᠵᠢᠵᠢᠭ ᠦᠢᠯᠡᠳᠭᠡᠯ ᠢ ᠬᠦᠷᠢᠶᠡᠯᠡᠩ ᠳᠤᠭᠤᠷᠢᠭ ᠲᠤ ᠤᠷᠤᠭᠤᠯᠤᠨ ᠨᠢᠭᠡᠳᠦᠯᠳᠠᠢ ᠬᠠᠮᠢᠶᠠᠷᠤᠯᠳᠠ ᠬᠢᠵᠤ᠂ ᠴᠢᠩᠭ᠎ᠠ ᠪᠠᠶᠢᠴᠠᠭᠠᠯᠳᠠ ᠬᠢᠭᠦ ᠪᠠ ᠬᠢᠨᠠᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠭᠦᠯᠵᠤ᠂ ᠨᠡᠯᠢᠶᠡᠳ ᠰᠠᠶᠢᠨ ᠬᠢᠨᠠᠨ ᠬᠠᠮᠢᠶᠠᠷᠤᠯᠳᠠ ᠤᠨ ᠦᠷ᠎ᠡ ᠪᠦᠳᠦᠮᠵᠢ ᠤᠯᠤᠭᠰᠠᠨ ᠪᠠᠶᠢᠳᠠᠭ᠃      ᠰᠤᠷᠪᠤᠯᠵᠢᠯᠠᠬᠴᠢ᠄ ᠢᠳᠡᠭᠡᠨ ᠤ ᠦᠢᠯᠡᠳᠪᠦᠷᠢᠯᠡᠯ ᠪᠣᠯ ᠢᠳᠡᠭᠡᠨ ᠤ ᠠᠮᠤᠷ ᠲᠦᠪᠰᠢᠨ ᠤ ᠴᠢᠬᠤᠯᠡ ᠨᠢᠬᠡᠨ ᠵᠠᠩᠬᠢᠯᠠᠭ᠎ᠠ ᠶᠢᠨ ᠭᠤᠬᠴᠤᠭ᠎ᠠ ᠪᠤᠯᠬᠤ ᠶᠤᠮ᠃ ᠬᠡᠪᠡᠴᠤ ᠢᠳᠡᠬᠡᠨ ᠨᠢ ᠵᠠᠬ᠎ᠠ ᠲᠡᠯᠬᠡᠬᠦᠷ ᠤᠨ ᠬᠦᠢᠯᠬᠡᠬᠡᠨ ᠤ ᠶᠠᠪᠤᠴᠡ ᠳᠤ ᠤᠷᠤᠬᠰᠠᠨ ᠤ ᠲᠠᠷᠠᠭ᠎ᠠ ᠮᠦᠨ ᠠᠰᠠᠭᠤᠳᠠᠯ ᠤᠷᠤᠰᠢᠵᠤ ᠮᠡᠳᠡᠨ᠎ᠡ᠃ ᠲᠡᠬᠡᠪᠡᠯ᠂ ᠢᠳᠡᠬᠡᠨ ᠤ ᠭᠦᠢᠯᠭᠡᠭᠡᠨ ᠤ ᠶᠠᠪᠤᠴᠡ ᠳᠤ ᠪᠢᠳᠡ ᠶᠠᠭᠠᠬᠢᠵᠤ ᠬᠢᠨᠠᠯᠲᠠ ᠲᠠᠯᠪᠢᠵᠤ ᠬᠠᠮᠢᠶᠠᠷᠬᠤ ᠪᠣᠢ︖      ᠲᠦᠮᠡᠨ ︵ᠦᠪᠡᠷᠳᠡᠬᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠲᠤ ᠬᠢᠨᠠᠯᠳᠠ ᠲᠠᠯᠪᠢᠵᠤ ᠬᠠᠮᠢᠶᠠᠷᠬᠤ ᠲᠤᠪᠴᠢᠶᠡᠨ ᠤ ᠢᠳᠡᠬᠡᠨ ᠤᠮᠳᠠᠭᠠᠨ ᠤ ᠭᠦᠢᠯᠭᠡᠭᠡᠨ ᠤ ᠬᠢᠨᠠᠨ ᠬᠠᠮᠢᠶᠠᠷᠤᠯᠳᠡ ᠶᠢᠨ ᠭᠠᠵᠡᠷ ᠤᠨ ᠲᠠᠷᠤᠭ᠎ᠠ ︶᠄ ᠨᠢᠬᠡ ᠳᠤ᠂ ᠬᠡᠤᠬᠡᠳ ᠤᠨ ᠢᠳᠡᠬᠡᠨ ᠤ ᠦᠢᠯᠡᠰ ᠢ ᠡᠷᠬᠢᠯᠡᠵᠤ ᠪᠠᠶᠢᠭ᠎ᠠ ᠭᠤᠤᠯ ᠴᠤᠬᠴᠡ ᠳᠤ ᠬᠢᠷᠢ ᠬᠡᠮ ᠤᠨ ᠪᠠᠶᠢᠴᠠᠭᠠᠯᠳᠡ ᠬᠢᠨ᠎ᠡ᠃ ᠰᠤᠷᠭᠠᠭᠤᠯᠢ ᠪᠤᠯᠤᠨ ᠰᠤᠷᠭᠠᠭᠤᠯᠢ ᠶᠢᠨ ᠤᠢᠢᠷ᠎ᠡ ᠬᠠᠪᠢ ᠶᠢᠨ ᠢᠳᠡᠬᠡᠨ ᠤ ᠦᠢᠯᠡᠰ ᠡᠵᠡᠩᠨᠡᠭᠴᠢᠳ ᠢ ᠡᠷᠤᠬᠡ ᠲᠠᠷᠠᠭᠠᠯᠠᠨ ᠪᠠᠶᠢᠴᠠᠭᠠᠵᠤ᠂ ᠢᠳᠡᠬᠡᠨ ᠤ ᠦᠢᠯᠡᠰ ᠡᠵᠡᠩᠨᠡᠭᠴᠢᠳ ᠤᠨ ᠦᠨᠡᠮᠯᠡᠯ᠂ ᠡᠵᠡᠩᠨᠡᠬᠦ ᠨᠦᠬᠦᠴᠡᠯ ᠢ ᠪᠦᠬᠦ ᠲᠠᠯ᠎ᠡ ᠪᠠᠷ ᠬᠢᠨᠠᠨ ᠪᠠᠶᠢᠴᠠᠭᠠᠵᠤ᠂ ᠦᠨᠡᠮᠯᠡᠯ ᠦᠬᠡᠢ ᠪᠠᠷ ᠢᠳᠡᠬᠡᠨ ᠤ ᠦᠢᠯᠡᠰ ᠡᠵᠡᠩᠨᠡᠭᠴᠢᠳ ᠢ ᠡᠷᠡᠰ ᠴᠢᠩᠭ᠎ᠠ ᠴᠠᠭᠠᠵᠠᠯᠠᠵᠤ᠂ ᠢᠳᠡᠬᠡᠨ ᠤ ᠦᠢᠯᠡᠰ ᠡᠵᠡᠩᠨᠡᠬᠦ ᠨᠦᠬᠦᠴᠡᠯ ᠪᠤᠯᠤᠨ ᠱᠠᠭᠠᠷᠳᠠᠯᠭ᠎ᠠ ᠳᠤ ᠨᠡᠶᠢᠴᠡᠬᠦ ᠦᠬᠡᠢ ᠢᠳᠡᠬᠡᠨ ᠤ ᠦᠢᠯᠡᠰ ᠡᠵᠡᠩᠨᠡᠭᠴᠢᠳ ᠢ ᠴᠡᠭᠴᠡᠯᠡᠨ ᠴᠡᠪᠡᠷᠯᠡᠬᠦ ᠪᠤᠶᠤ ᠲᠦᠷᠢᠮᠵᠢᠬᠦᠯᠤᠨ᠎ᠡ᠃ ᠬᠤᠶᠡᠷ ᠲᠤ᠂ ᠴᠢᠨᠡᠷ ᠮᠠᠭᠤ ᠢᠳᠡᠬᠡᠨ ᠢ ᠶᠡᠭᠡ ᠪᠠᠷ ᠪᠠᠶᠢᠴᠠᠭᠠᠬᠤ ᠠᠵᠢᠯᠯᠠᠭ᠎ᠠ ᠦᠷᠨᠢᠬᠦᠯᠦᠨ᠎ᠡ᠃ ᠬᠤᠭᠤᠴᠠᠭ᠎ᠠ ᠨᠢ ᠬᠡᠳᠦᠷᠡᠭᠰᠡᠨ ᠢᠳᠡᠬᠡᠨ᠂ ᠴᠢᠨᠡᠷ ᠨᠢ ᠬᠤᠪᠢᠷᠠᠬᠰᠠᠨ ᠢᠳᠡᠬᠡᠨ᠂ ᠱᠤᠰᠢᠭ᠎ᠠ ᠲᠡᠮᠳᠡᠭ᠂ ᠬᠠᠶ᠋ᠢᠭ ᠨᠢ ᠲᠦᠷᠢᠮᠵᠢᠭᠰᠡᠨ ᠦᠬᠡᠢ ᠢᠳᠡᠬᠡᠨ᠂ ᠪᠤᠴᠠᠭᠠᠨ ᠬᠤᠷᠢᠶᠠᠵᠤ ᠠᠪᠤᠬᠰᠠᠨ᠂ ᠵᠢᠶᠠᠰᠡ ᠠᠴᠠ ᠪᠠᠭᠤᠯᠭᠠᠬᠰᠠᠨ ᠢᠳᠡᠬᠡᠨ ᠢ ᠨᠠᠷᠢᠨ ᠬᠢᠨᠠᠮᠠᠭᠠᠢ ᠪᠠᠶᠢᠴᠠᠭᠠᠵᠤ᠂ ᠬᠤᠭᠤᠴᠠᠭ᠎ᠠ ᠨᠢ ᠬᠡᠳᠦᠷᠡᠭᠰᠡᠨ ᠢᠳᠡᠬᠡᠨ᠂ ᠴᠢᠨᠡᠷ ᠨᠢ ᠬᠤᠪᠢᠷᠠᠬᠰᠠᠨ ᠢᠳᠡᠬᠡᠨ᠂ ᠱᠤᠰᠢᠭ᠎ᠠ ᠲᠡᠮᠳᠡᠭ᠂ ᠬᠠᠶ᠋ᠢᠭ ᠨᠢ ᠲᠦᠷᠢᠮᠵᠢᠭᠰᠡᠨ ᠦᠬᠡᠢ ᠢᠳᠡᠬᠡᠨ᠂ ︽ᠨᠢᠬᠡ ᠬᠠᠤᠯᠢ ᠪᠤᠰᠤ ᠬᠤᠶᠡᠷ ᠬᠡᠳᠦᠷᠡᠭᠰᠡᠨ︾ ᠢᠳᠡᠬᠡᠨ᠂ ᠱᠤᠰᠢᠭ᠎ᠠ ᠲᠡᠮᠳᠡᠭ᠂ ᠬᠠᠶ᠋ᠢᠭ ᠲᠦᠷᠢᠮᠵᠢᠭᠰᠡᠨ ᠦᠬᠡᠢ ᠢᠳᠡᠬᠡᠨ ᠢ ᠡᠵᠡᠩᠨᠡᠭᠴᠢᠳ ᠵᠢᠴᠢ ᠴᠢᠨᠡᠷ ᠮᠠᠭᠤ ᠲᠦᠬᠦᠬᠡᠢ ᠮᠠᠲ᠋ᠧᠷᠢᠶᠠᠯ ᠢ ᠪᠤᠯᠪᠠᠰᠤᠷᠠᠭᠤᠯᠬᠤ᠂ ᠲᠡᠬᠦᠨ ᠢᠢᠨᠷ ᠢᠳᠡᠬᠡᠨ ᠤᠮᠳᠠᠭᠠᠨ ᠬᠢᠵᠤ ᠪᠠᠶᠢᠭ᠎ᠠ ᠡᠵᠡᠩᠨᠡᠭᠴᠢᠳ ᠢ ᠰᠡᠷᠡᠵᠤ ᠮᠡᠳᠡᠪᠡᠯ ᠬᠠᠤᠯᠢ ᠶᠤᠰᠤ ᠪᠠᠷ ᠡᠷᠡᠰ ᠴᠢᠩᠭ᠎ᠠ ᠰᠢᠳᠬᠡᠨ᠎ᠠ᠃ ᠭᠤᠷᠪᠡ ᠳᠤ᠂ ᠢᠳᠡᠬᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠰᠤᠭᠤᠴᠢᠨ ᠪᠠᠶᠢᠴᠠᠭᠠᠬᠤ ᠠᠵᠢᠯ ᠢ ᠦᠷᠨᠢᠬᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠲᠤᠳᠤᠨ᠎ᠡ ᠭᠠᠳᠠᠨᠠᠬᠢ ᠬᠡᠳᠤ ᠲᠡᠯᠬᠡᠬᠦᠷ᠂ ᠢᠳᠡᠬᠡᠨ ᠤᠮᠳᠠᠭᠠᠨ ᠤ ᠵᠢᠵᠢᠭ ᠲᠡᠯᠬᠡᠬᠦᠷ ᠵᠡᠷᠬᠡ ᠶᠢ ᠰᠤᠭᠤᠴᠢᠨ ᠪᠠᠶᠢᠴᠠᠭᠠᠬᠤ᠂ ᠬᠢᠨᠠᠨ ᠰᠢᠯᠭᠠᠬᠤ ᠬᠦᠷᠢᠶ᠎ᠡ ᠬᠡᠪᠴᠢᠶᠡᠨ ᠳᠤ ᠤᠷᠤᠭᠤᠯᠤᠨ᠎ᠡ᠃ ᠬᠡᠤᠬᠡᠳ ᠤᠨ ᠢᠳᠡᠳᠡᠭ ᠰᠦᠨ ᠤ ᠪᠦᠳᠦᠬᠡᠭᠳᠡᠬᠦᠨ᠂ ᠤᠮᠳᠠᠭᠠᠨ᠂ ᠪᠤᠭᠤᠷᠰᠤᠭ᠂ ᠬᠦᠬᠡᠯᠬᠡᠭᠰᠡᠨ ᠢᠳᠡᠬᠡᠨ ᠵᠡᠷᠬᠡ ᠦᠨᠳᠦᠷ ᠠᠶᠤᠯ ᠲᠦᠭᠰᠢᠬᠦᠷᠢ ᠲᠠᠢ ᠪᠤᠶᠤ ᠨᠡᠯᠢᠶᠡᠳ ᠦᠨᠳᠦᠷ ᠠᠶᠤᠯ ᠲᠦᠭᠰᠢᠬᠦᠷᠢ ᠲᠠᠢ ᠢᠳᠡᠬᠡᠨ ᠤᠮᠳᠠᠭᠠᠨ ᠤ ᠰᠤᠭᠤᠴᠢᠨ ᠪᠠᠶᠢᠴᠠᠭᠠᠬᠤ᠂ ᠬᠢᠨᠠᠨ ᠰᠢᠯᠭᠠᠬᠤ ᠲᠠᠪᠳᠡᠮᠵᠢ ᠪᠠᠨ ᠴᠢᠩᠭᠠᠷᠠᠭᠤᠯᠵᠤ᠂ ᠢᠳᠡᠬᠡᠨ ᠤ ᠠᠮᠤᠷ ᠲᠦᠪᠰᠢᠨ ᠤ ᠠᠰᠠᠭᠤᠳᠠᠯ ᠢ ᠰᠡᠷᠡᠵᠤ ᠮᠡᠳᠡᠪᠡᠯ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠢᠳᠡᠬᠡᠨ ᠤ ᠠᠮᠤᠷ ᠲᠦᠪᠰᠢᠨ ᠤ ᠠᠶᠤᠯ ᠲᠦᠭᠰᠢᠬᠦᠷᠢ ᠶᠢ ᠰᠡᠷᠬᠡᠶᠢᠯᠡᠨ᠎ᠡ᠃      ᠰᠤᠷᠪᠤᠯᠵᠢᠯᠠᠬᠴᠢ᠄ ᠬᠤᠭᠤᠯᠠᠨ ᠬᠡᠷ ᠵᠡᠷᠬᠡ ᠢᠳᠡᠬᠡᠨ ᠤᠮᠳᠠᠭᠠᠨ ᠤ ᠭᠠᠵᠡᠷ ᠪᠤᠯᠤᠨ ᠰᠢᠨ᠎ᠡ ᠪᠠᠷ ᠪᠤᠢ ᠪᠤᠯᠤᠬᠰᠠᠨ ᠰᠦᠯᠵᠢᠶ᠎ᠡ ᠲᠡᠬᠡᠷ᠎ᠡ ᠬᠤᠭᠤᠯᠡ ᠵᠠᠬᠢᠶᠠᠯᠠᠬᠤ ᠵᠡᠷᠬᠡ ᠦᠢᠯᠡᠴᠢᠯᠡᠬᠡᠵᠢ ᠮᠠᠨ ᠤ ᠤᠷᠤᠨ ᠶᠠᠭᠠᠬᠢᠵᠤ ᠴᠢᠩᠭ᠎ᠠ ᠬᠠᠮᠢᠶᠠᠷᠬᠤ ᠪᠤᠢ︖ ᠤᠯᠠᠨ ᠲᠦᠮᠡᠨ ᠤ ᠭᠠᠳᠠᠨ᠎ᠡ ᠬᠤᠭᠤᠯᠠ ᠢᠳᠡᠬᠦ ᠠᠮᠤᠷ ᠲᠦᠪᠰᠢᠨ ᠢ ᠶᠠᠭᠠᠬᠢᠵᠤ ᠪᠠᠲᠤᠯᠠᠬᠤ ᠪᠣᠢ︖      ᠹᠧᠩ ᠡᠯ ᠮᠢᠨ ︵ᠦᠪᠡᠷᠳᠡᠬᠡᠨ ᠵᠠᠰᠠᠬᠤ ᠤᠷᠤᠨ ᠤ ᠢᠳᠡᠬᠡᠨ ᠡᠮ ᠤᠨ ᠵᠦᠢᠯᠡᠰ ᠲᠤ ᠬᠢᠨᠠᠯᠳᠠ ᠲᠠᠯᠪᠢᠵᠤ ᠬᠠᠮᠢᠶᠠᠷᠬᠤ ᠲᠤᠪᠴᠢᠶᠠᠨ ᠤ ᠢᠳᠡᠬᠡᠨ ᠤᠮᠳᠠᠭᠠᠨ ᠤ ᠦᠢᠯᠡᠴᠢᠯᠡᠬᠡᠨ ᠤ ᠬᠢᠨᠠᠨ ᠬᠠᠮᠢᠶᠠᠷᠤᠯᠳᠡ ᠶᠢᠨ ᠭᠠᠵᠡᠷ ᠤᠨ ᠲᠠᠷᠤᠭ᠎ᠠ︶᠄ 2015 ᠣᠨ ᠳᠤ ᠮᠠᠨ ᠤ ᠲᠤᠪᠴᠢᠶ᠎ᠡ ︽ᠦᠪᠡᠷᠳᠡᠬᠡᠨ ᠵᠠᠰᠠᠬᠤ ᠤᠷᠤᠨ ᠤ ᠢᠳᠡᠬᠡᠨ ᠤᠮᠳᠠᠭᠠᠨ ᠤ ᠦᠢᠯᠡᠴᠢᠯᠡᠭᠡ ᠢᠳᠡᠬᠡᠨ ᠤ ᠠᠮᠤᠷ ᠲᠦᠪᠰᠢᠨ ᠢ ᠲᠤᠭ᠎ᠠ ᠨᠤᠷᠮᠠᠵᠢᠭᠤᠯᠬᠤ ᠲᠡᠰ ᠬᠤᠪᠢᠶᠠᠬᠤ ᠬᠠᠮᠢᠶᠠᠷᠤᠯᠳᠡ ᠪᠤᠯᠤᠨ ᠲᠡᠰ ᠲᠡᠪᠰᠢᠯᠳᠡ ᠶᠢ ᠨᠡᠮᠡᠭᠳᠡᠬᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠬᠦᠳᠦᠯᠪᠤᠷᠢ ︵2015 — 2017︶ ︾ ᠶᠢ ᠲᠤᠬᠳᠠᠭᠠᠵᠤ᠂ ᠨᠢᠬᠡ ᠪᠦᠯᠦᠭ ᠢᠳᠡᠬᠡᠯ ᠬᠦᠨᠳᠤ ᠲᠠᠢ ᠬᠡᠪ ᠲᠠᠭᠤᠷᠢᠶᠠᠯ ᠤᠨ ᠪᠠᠶᠢᠭᠤᠯᠤᠯᠭ᠎ᠠ ᠨᠢᠬᠡᠴᠡ᠂ ᠵᠢᠱᠢᠶ᠎ᠡ ᠦᠵᠡᠬᠦᠯᠬᠦ ᠠᠵᠤ ᠠᠬᠤᠢᠢᠯᠠᠯ ᠢ ᠲᠡᠮᠵᠢᠵᠤ᠂ ᠬᠦᠨᠳᠤ ᠨᠤᠴᠢᠳᠠᠢ ᠬᠠᠤᠯᠢ ᠵᠦᠷᠢᠴᠡᠭᠰᠡᠨ ᠠᠵᠤ ᠠᠬᠤᠢᠢᠯᠠᠯ ᠢ ᠵᠤᠬᠰᠤᠭᠠᠨ ᠰᠢᠭ᠍ᠰᠢᠵᠤ᠂ ᠢᠳᠡᠬᠡᠨ ᠤᠮᠳᠠᠭᠠᠨ ᠤ ᠠᠮᠤᠷ ᠲᠦᠪᠰᠢᠨ ᠤ ᠪᠠᠳᠤᠯᠠᠭ᠎ᠠ ᠶᠢᠨ ᠬᠢᠷᠢ ᠲᠦᠪᠰᠢᠨ ᠢ ᠶᠡᠭᠡ ᠪᠠᠷ ᠲᠡᠬᠡᠭᠰᠢᠯᠡᠬᠦᠯᠦᠨ᠎ᠡ᠃ ᠮᠦᠨ ︽ᠲᠤᠭᠤᠭᠠᠨ ᠬᠡᠷ ᠢ ᠢᠯᠡ ᠪᠠᠶᠢᠯᠭᠠᠬᠤ︾ ᠠᠵᠢᠯ ᠤᠨ ᠠᠬᠢᠴᠡ ᠶᠢ ᠶᠡᠭᠡ ᠪᠠᠷ ᠠᠬᠢᠭᠤᠯᠵᠤ᠂ ᠰᠢᠨ᠎ᠡ ᠪᠠᠷ ᠡᠷᠬᠢᠯᠡᠭᠰᠡᠨ ᠪᠤᠯᠤᠨ ᠤᠳᠤ ᠶᠢᠨ ᠢᠳᠡᠬᠡᠨ ᠤᠮᠳᠠᠭᠠᠨ ᠤ ᠦᠢᠯᠡᠴᠢᠯᠡᠬᠡᠨ ᠤ ᠨᠢᠬᠡᠴᠡ ᠶᠢᠨ ᠲᠤᠭ᠎ᠠ ᠨᠤᠷᠮᠠᠵᠢᠭᠤᠯᠬᠤ ᠪᠤᠯᠤᠨ ᠲᠡᠰ ᠲᠡᠪᠰᠢᠬᠦ ᠶᠢ ᠠᠬᠢᠭᠤᠯᠤᠨ᠎ᠡ᠃      ᠰᠦᠯᠵᠢᠶᠡᠨ ᠲᠡᠬᠡᠷ᠎ᠡ ᠬᠤᠭᠤᠯᠡ ᠵᠠᠬᠢᠶᠠᠯᠠᠬᠤ ᠡᠵᠡᠩᠨᠡᠯᠳᠡ ᠶᠢᠨ ᠠᠵᠢᠯᠯᠠᠭ᠎ᠠ ᠶᠢ ᠲᠦᠷᠢᠮᠵᠢᠬᠦᠯᠵᠤ᠂ ᠢᠳᠡᠬᠡᠨ ᠤᠮᠳᠠᠭᠠᠨ ᠤ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠦᠯᠵᠢᠶᠡᠨ ᠲᠡᠬᠡᠷ᠎ᠡ ᠬᠤᠭᠤᠯᠡ ᠵᠠᠬᠢᠶᠠᠯᠠᠬᠤ ᠢᠳᠡᠬᠡᠨ ᠤ ᠠᠮᠤᠷ ᠲᠦᠪᠰᠢᠨ ᠳᠤ ᠬᠢᠨᠠᠯᠳᠡ ᠲᠠᠯᠪᠢᠬᠤ ᠬᠠᠮᠢᠶᠠᠷᠤᠯᠳᠡ ᠶᠢᠨ ᠠᠷᠭ᠎ᠠ︾ ᠶᠢ ᠲᠤᠬᠳᠠᠭᠠᠵᠤ᠂ ᠰᠦᠯᠵᠢᠶᠡᠨ ᠲᠡᠬᠡᠷ᠎ᠡ ᠬᠤᠭᠤᠯᠡ ᠵᠠᠬᠢᠶᠠᠯᠠᠬᠤ ᠦᠢᠯᠡᠴᠢᠯᠡᠭᠡ ᠶᠢ ᠬᠢᠵᠤ ᠪᠠᠶᠢᠭ᠎ᠠ ᠡᠵᠡᠩᠨᠡᠭᠴᠢᠳ ᠪᠤᠯᠤᠨ ᠰᠦᠯᠵᠢᠶᠡᠨ ᠲᠡᠬᠡᠷ᠎ᠡ ᠬᠤᠭᠤᠯᠡ ᠵᠠᠬᠢᠶᠠᠯᠠᠬᠤ ᠭᠤᠷᠪᠠᠳᠤᠭᠠᠷ ᠡᠳᠡᠬᠡᠳ ᠤᠨ ᠦᠢᠯᠡᠴᠢᠯᠡᠭᠡ ᠬᠠᠩᠭᠠᠬᠤ ᠲᠠᠪᠴᠡᠩ ᠤᠨ ᠡᠬᠦᠷᠬᠡ ᠬᠠᠷᠢᠭᠤᠴᠠᠯᠭ᠎ᠠ ᠳᠤ ᠨᠠᠷᠢᠯᠢᠭ ᠲᠤᠬᠳᠠᠭᠠᠯ ᠭᠠᠷᠭᠠᠵᠤ᠂ ᠰᠦᠯᠵᠢᠶᠡᠨ ᠲᠡᠬᠡᠷ᠎ᠡ ᠬᠤᠭᠤᠯᠡ ᠵᠠᠬᠢᠶᠠᠯᠠᠬᠤ ᠦᠢᠯᠡᠴᠢᠯᠡᠭᠡ ᠶᠢ ᠡᠵᠡᠩᠨᠡᠬᠦ ᠠᠵᠢᠯᠯᠠᠭ᠎ᠠ ᠶᠢ ᠲᠦᠷᠢᠮᠵᠢᠬᠦᠯᠬᠦ ᠳᠤ ᠲᠦᠷᠢᠮ ᠤᠨ ᠪᠠᠳᠤᠯᠠᠭ᠎ᠠ ᠬᠠᠩᠭᠠᠵᠤ ᠪᠠᠶᠢᠨ᠎ᠡ᠃      ᠰᠤᠨᠢᠨ ᠮᠡᠳᠡᠭᠡ ᠨᠡᠶᠢᠳᠡᠯᠡᠬᠦ ᠬᠤᠷᠠᠯ ᠲᠡᠬᠡᠷ᠎ᠡ ᠮᠠᠨ ᠤ ᠤᠷᠤᠨ ᠤ ᠲᠠᠷᠠᠭᠠᠴᠢ ᠶᠢᠨ ᠠᠯᠬᠤᠮ ᠤᠨ ᠢᠳᠡᠬᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠡ ᠶᠢᠨ ᠭᠤᠤᠯᠳᠠᠯᠭ᠎ᠠ ᠲᠠᠢ ᠠᠵᠢᠯ ᠢ ᠮᠡᠳᠡᠭᠳᠡᠵᠤ᠂ ᠡᠮᠤᠨ᠎ᠡ 5 ᠰᠠᠷ᠎ᠡ ᠶᠢᠨ ᠯᠠᠪᠳᠠᠭᠤᠨ ᠪᠠᠳᠤᠳᠠᠢ ᠠᠵᠢᠯ ᠤᠨ ᠰᠠᠭᠤᠷᠢᠨ ᠲᠡᠬᠡᠷ᠎ᠡ ᠪᠠᠨ ᠭᠠᠵᠡᠷ ᠤᠷᠤᠨ ᠤ ᠴᠢᠨᠡᠷᠳᠡᠢ ᠬᠢᠨᠠᠨ ᠬᠠᠮᠢᠶᠠᠷᠬᠤ ᠲᠦᠷᠢᠮ  ᠤᠨ ᠪᠠᠷᠢᠮᠵᠢᠶ᠎ᠡ ᠶᠢᠨ ᠰᠢᠰᠲ᠋ᠧᠮ ᠢ ᠲᠡᠬᠦᠯᠳᠡᠷᠵᠢᠬᠦᠯᠦᠨ ᠰᠠᠶᠢᠵᠢᠷᠠᠭᠤᠯᠵᠤ᠂ ᠨᠢᠬᠡᠳᠤᠯᠳᠡᠢ ᠡᠷᠬᠡ ᠰᠦᠷᠳᠤ ᠬᠢᠨᠠᠨ ᠬᠠᠮᠢᠶᠠᠷᠤᠯᠳᠡ ᠶᠢᠨ ᠪᠠᠶᠢᠭᠤᠯᠤᠮᠵᠢ ᠶᠢ ᠲᠦᠷᠬᠡᠳᠬᠡᠨ ᠪᠠᠶᠢᠭᠤᠯᠤᠨ᠂ ᠢᠳᠡᠬᠡᠨ ᠤ ᠠᠮᠤᠷ ᠲᠦᠪᠰᠢᠨ ᠤ ᠮᠡᠷᠬᠡᠵᠢᠯ ᠤᠨ ᠪᠠᠳᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠳᠡ ᠶᠢ ᠴᠢᠩᠭᠠᠳᠬᠠᠵᠤ᠂ ᠢᠳᠡᠬᠡᠨ ᠢ ᠦᠢᠯᠡᠳᠪᠤᠷᠢᠯᠡᠬᠦ ᠡᠵᠡᠩᠨᠡᠬᠦ ᠪᠦᠬᠦ ᠶᠠᠪᠤᠴᠡ ᠶᠢᠨ ᠬᠢᠨᠠᠨ ᠬᠠᠮᠢᠶᠠᠷᠤᠯᠳᠡ ᠶᠢ ᠴᠢᠩᠭᠠᠳᠬᠠᠨ᠂ ᠢᠳᠡᠬᠡᠨ ᠤ ᠦᠢᠯᠡᠳᠪᠤᠷᠢᠯᠡᠯ ᠤᠨ ᠲᠡᠰ ᠲᠡᠪᠰᠢᠯᠳᠡ ᠪᠤᠯᠤᠨ ᠢᠳᠡᠬᠡᠨ ᠢ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠤᠨ ᠪᠠᠶᠢᠭᠤᠯᠤᠯᠳᠡ ᠶᠢ ᠲᠦᠷᠬᠡᠳᠬᠡᠬᠦ ᠶᠢ ᠠᠬᠢᠭᠤᠯᠵᠤ᠂ ᠲᠠᠷᠠᠭᠠᠯᠠᠨ ᠪᠠᠶᠢᠴᠠᠭᠠᠬᠤ ᠪᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠶᠡᠭᠡ ᠪᠠᠷ ᠬᠦᠨᠵᠡᠬᠡᠢ ᠦᠷᠨᠢᠬᠦᠯᠦᠨ᠂ 6 ᠲᠠᠯ᠎ᠡ ᠪᠠᠷ ᠲᠠᠷᠠᠭᠠᠴᠢ ᠶᠢᠨ ᠬᠢᠨᠠᠨ ᠬᠠᠮᠢᠶᠠᠷᠤᠯᠳᠡ ᠶᠢᠨ ᠠᠵᠢᠯ ᠢ ᠠᠳᠬᠤᠨ᠎ᠡ ᠭᠡᠪᠡ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ