ᠥᠪᠥᠷ ᠮᠣᠩᠭᠤᠯ ᠤᠨ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2016/5/27
      ᠪᠦᠬᠦ ᠣᠷᠣᠨ ᠤ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠪᠦᠲᠦᠮᠵᠢᠲᠡᠶ ᠵᠢᠷᠤᠮᠵᠢᠭᠤᠯᠵᠤ᠂ ᠨᠡᠶᠢᠲᠡ ᠶᠢᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠡᠷᠡᠭᠯᠡᠬᠦ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠬᠠᠤᠯᠢᠵᠢᠭᠤᠯᠬᠤ ᠠᠬᠢᠴᠠ ᠶᠢ ᠦᠨᠡᠨ ᠬᠦ ᠲᠦᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠤᠭᠲᠤᠬᠤ ᠳᠤ ᠡᠶ᠎ᠡ ᠵᠣᠬᠢᠴᠠᠯ ᠲᠠᠢ ᠰᠠᠶᠢᠨ ᠰᠠᠶᠢᠬᠠᠨ ᠦᠭᠡ ᠬᠡᠯᠡ ᠦᠰᠦᠭ ᠪᠢᠴᠢᠭ ᠤᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠤᠰᠠᠳᠠ᠂ 2014 ᠣᠨ ᠠᠴᠠ 2016 ᠣᠨ ᠪᠣᠯᠲᠠᠯ᠎ᠠ᠂ ᠮᠠᠨ ᠤ ᠣᠷᠣᠨ ᠤ ᠡᠯ᠎ᠡ ᠭᠠᠵᠠᠷ ᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠲᠤᠬᠠᠢ ᠮᠡᠳᠡᠭᠳᠡᠯ ᠢ ᠳᠠᠷᠤᠮᠠᠯᠯᠠᠨ ᠶᠠᠪᠤᠭᠤᠯᠬᠤ ᠤᠴᠢᠷ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠤᠢᠩᠭᠡᠠ ᠬᠡᠷᠡᠭᠯᠡᠭᠡᠨ ᠤ ᠦᠰᠦᠭ ᠪᠢᠴᠢᠭ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠠᠢ ᠤᠶᠠᠯᠳᠤᠭᠤᠯᠵᠤ᠂ ᠪᠦᠬᠦ ᠣᠷᠣᠨ ᠤ ᠬᠡᠪᠴᠢᠶᠡᠨ ᠎ ᠳᠤ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ ᠥᠷᠨᠢᠭᠦᠯᠦᠭᠰᠡᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠢᠮ ᠤᠨ ᠪᠠᠶᠢᠭᠤᠯᠤᠯᠲᠠ ᠶᠢ ᠠᠬᠢᠭᠤᠯᠪᠠ᠃ ᠡᠯ᠎ᠡ ᠭᠠᠵᠠᠷ ᠣᠷᠣᠨ ︽ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠤᠨ ᠲᠤᠬᠠᠢ ᠮᠡᠳᠡᠭᠳᠡᠯ ᠢ ᠳᠠᠷᠤᠮᠠᠯᠯᠠᠨ ᠶᠠᠪᠤᠭᠤᠯᠬᠤ ᠤᠴᠢᠷ ︾᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠲᠤᠰ ᠬᠠᠷᠢᠶ᠎ᠠ ᠣᠷᠣᠨ ᠤ ᠪᠠᠨ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠵᠦ ᠪᠠᠶᠢᠭ᠎ᠠ ᠪᠣᠳᠠᠲᠠᠶ ᠎ ᠲᠠᠢ ᠤᠶᠠᠯᠳᠤᠭᠤᠯᠤᠨ᠂ ᠵᠠᠰᠠᠵᠤ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠤᠷᠢᠳ ᠬᠤᠵᠢᠳ ᠪᠠᠶᠢᠭᠤᠯᠵᠤ᠂ ᠲᠤᠰ ᠬᠠᠷᠢᠶ᠎ᠠ ᠣᠷᠣᠨ ᠤ ᠪᠠᠨ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠳᠤ ᠲᠣᠬᠢᠷᠠᠭᠰᠠᠨ ᠲᠥᠰᠦᠯ ᠵᠢᠴᠢ ᠪᠤᠰᠤᠳ ᠬᠤᠯᠪᠣᠭᠳᠠᠯ ᠪᠦᠬᠦᠢ ᠢᠵᠢ ᠪᠦᠷᠢᠳᠦᠭᠦᠯᠦᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠪᠠ᠂ ᠡᠭᠦᠨ ᠤ ᠤᠯᠠᠮ ᠢᠶᠠᠷ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠬᠦ ᠳᠤ ᠴᠢᠩᠭ᠎ᠠ ᠬᠦᠴᠦᠲᠡᠶ ᠵᠣᠬᠢᠶᠠᠨ ᠪᠠᠶᠢᠭᠤᠯᠤᠯᠲᠠ ᠪᠠ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃       ᠤᠬᠠᠭᠤᠯᠭ᠎ᠠ ᠬᠥᠮᠦᠵᠢᠯ ᠢ ᠬᠦᠨᠳᠦᠳᠬᠡᠵᠦ᠂ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠎ ᠢ ᠨᠡᠶᠢᠲᠡᠯᠡᠨ ᠬᠡᠷᠡᠭᠵᠢᠭᠦᠯᠦᠭᠰᠡᠨ 10 ᠵᠢᠯ ᠤᠨ ᠣᠢ ᠪᠣᠯᠤᠨ ᠥᠪᠡᠷᠲᠡᠭᠡᠨ ᠵᠠᠰᠠᠬᠤ ᠣᠷᠣᠨ ᠎ ᠤ ᠮᠠᠯᠵᠢᠬᠤ ᠲᠠᠷᠢᠶᠠᠯᠠᠬᠤ ᠣᠷᠣᠨ ᠳᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠬᠦ ᠪᠠᠷ ᠲᠣᠬᠢᠶᠠᠯ ᠪᠣᠯᠭᠠᠵᠤ᠂ ᠮᠠᠨ ᠤ ᠣᠷᠣᠨ ᠤ ᠡᠯ᠎ᠡ ᠭᠠᠵᠠᠷ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠎ ᠢ ᠰᠤᠷᠤᠯᠴᠠᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠨ ᠤᠬᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠤᠨ ᠤᠢᠩᠭᠡᠠ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃      ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ  ᠳᠡᠭᠡᠭᠰᠢᠯᠡᠭᠦᠯᠪᠡ᠃ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠤᠷᠮ᠎ᠠ᠂ ᠣᠨᠣᠪᠴᠢᠲᠤ ᠨᠤᠷᠮ᠎ᠠ ᠪᠠ ᠵᠢᠷᠤᠮᠵᠢᠯ ᠤᠨ ᠨᠤᠷᠮ᠎ᠠ ᠶᠢ ᠦᠨᠡᠨᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠤᠯᠢ ᠬᠡᠷᠡᠭᠵᠢᠭᠦᠯᠬᠦ ᠠᠵᠢᠯᠲᠠᠳ ᠤᠨ ᠶᠡᠷᠦᠩᠬᠡᠶ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠶᠢᠴᠠᠭᠠᠵᠦ ᠵᠠᠰᠠᠬᠤ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠡᠯᠢᠶᠡᠳ ᠪᠦᠷᠢᠨ ᠲᠡᠭᠦᠯᠳᠡᠷ ᠬᠠᠤᠯᠢ ᠬᠡᠷᠡᠭᠵᠢᠭᠦᠯᠬᠦ ᠰᠢᠰᠲ᠋ᠧᠮ ᠢ ᠠᠩᠬ᠎ᠠ ᠠᠯᠬᠤᠮ ᠪᠤᠢ ᠪᠣᠯᠭᠠᠵᠤ᠂ ᠨᠡᠶᠢᠭᠡᠮ ᠤᠨ ᠤᠢᠩᠭᠡᠠ ᠬᠡᠷᠡᠭᠯᠡᠭᠡᠨ ᠤ ᠦᠰᠦᠭ ᠪᠢᠴᠢᠭ ᠬᠡᠷᠡᠭᠯᠡᠬᠦ ᠬᠠᠤᠯᠢ ᠬᠡᠷᠡᠭᠵᠢᠭᠦᠯᠦᠯᠲᠡ ᠶᠢᠨ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃      ᠠᠵᠢᠯ ᠤᠨ ᠰᠡᠳᠬᠢᠮᠵᠢ ᠪᠠᠨ ᠰᠢᠨᠡᠴᠢᠯᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠰᠢᠨ᠎ᠡ ᠪᠠᠶᠢᠳᠠᠯ ᠤᠨ ᠳᠣᠣᠷ᠎ᠠ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠠᠰᠠᠭᠤᠳᠠᠯ᠂ ᠰᠢᠨ᠎ᠡ ᠰᠢᠯᠭᠠᠯᠲᠠ ᠶᠢ ᠰᠢᠢᠳᠪᠦᠷᠢᠯᠡᠬᠦ ᠶᠢᠨ ᠲᠤᠰᠠᠳᠠ ᠡᠯ᠎ᠡ ᠭᠠᠵᠠᠷ ᠣᠷᠣᠨ ᠴᠠᠭ ᠦᠶ᠎ᠡ ᠲᠠᠢ ᠵᠡᠷᠭᠡᠪᠡᠷ ᠤᠷᠤᠭᠰᠢᠯᠠᠨ᠂ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠠᠵᠢᠯ ᠤᠨ ᠰᠡᠳᠬᠢᠴᠡ ᠪᠠ ᠠᠷᠭ᠎ᠠ ᠪᠠᠨ ᠴᠠᠭ ᠲᠤᠬᠠᠶ ᠳᠤᠨᠢ ᠬᠤᠪᠢᠷᠠᠭᠤᠯᠪᠠ᠃      ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠪᠠ᠃ ᠨᠡᠶᠢᠭᠡᠮ ᠤᠨ ᠥᠩᠭᠡᠨ ᠬᠡᠷᠡᠭᠯᠡᠭᠡᠨ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠦᠰᠦᠭ ᠪᠢᠴᠢᠭ ᠢ ᠡᠶ᠎ᠡ ᠵᠣᠬᠢᠴᠠᠯ ᠲᠠᠢ ᠪᠣᠯᠪᠠᠰᠤᠨ ᠬᠡᠷᠡᠭᠯᠡᠬᠦ ᠠᠭᠤᠷ ᠠᠮᠢᠰᠬᠤᠯ ᠪᠠ ᠣᠷᠴᠢᠨ ᠨᠥᠬᠦᠴᠡᠯ ᠢ ᠪᠣᠢ ᠪᠣᠯᠭᠠᠬᠤ ᠶᠢᠨ ᠲᠤᠰᠠᠳᠠ᠂ ᠡᠯ᠎ᠡ ᠭᠠᠵᠠᠷ ᠣᠷᠣᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠪᠣᠯᠪᠠᠰᠤᠷᠠᠭᠤᠯᠤᠯ ᠢ ᠢᠳᠡᠪᠬᠢᠲᠡᠶ ᠪᠠᠷ ᠡᠷᠭᠢᠯᠡᠵᠤ᠂ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号