ᠥᠪᠥᠷ ᠮᠣᠩᠭᠤᠯ ᠤᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ ᠤᠨ ᠬᠠᠮᠤᠭ ᠤᠨ ᠤᠷᠲᠤ ᠨᠦᠬᠡᠨ ᠵᠠᠮ ᠤᠷᠤᠭᠰᠢᠲᠠᠶ ᠨᠡᠪᠲᠡᠷᠡᠪᠡ
ᠨᠡᠶᠢᠲᠡᠯᠡᠭᠰᠡᠨ ᠴᠠᠭ᠄
2016/5/3
                     2016 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠥᠪᠥᠷ ᠮᠣᠩᠭᠤᠯ ᠤᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ ᠤᠨ ᠬᠠᠮᠤᠭ ᠤᠨ ᠤᠷᠲᠤ ᠨᠦᠬᠡᠨ ᠵᠠᠮ ᠤᠷᠤᠭᠰᠢᠲᠠᠶ ᠨᠡᠪᠲᠡᠷᠡᠪᠡ᠃            4 ᠳ᠋ᠦ᠋ᠭᠡᠷ ᠰᠠᠷ᠎ᠠ ᠶᠢᠨ 30᠎ ᠤ ᠡᠳᠦᠷ᠂ ᠠᠵᠢᠯᠴᠢᠳ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠳ᠋ᠦᠩ ᠲᠤ ᠼᠦᠨ ᠤ ᠨᠦᠬᠡᠨ ᠵᠠᠮ ᠨᠡᠪᠲᠡᠷᠡᠭᠰᠡᠨ ᠢ ᠪᠡᠯᠭᠡᠯᠡᠪᠡ᠃ ᠲᠤᠰ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠭᠤᠯᠵᠤ ᠪᠠᠶᠢᠭ᠎ᠠ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠠᠩᠬᠠᠳᠠᠭᠴᠢ ᠥᠨᠳᠥᠷ ᠬᠤᠷᠳᠤᠴᠠᠲᠤ ᠲᠡᠮᠦᠷ ᠵᠠᠮ ᠤᠨ ᠠᠶᠠᠨᠴᠢᠨ ᠤ ᠲᠡᠭᠡᠭᠡᠪᠦᠷᠢ ᠶᠢᠨ ᠲᠤᠰᠬᠠᠶ ᠱᠤᠭᠤᠮ ᠤᠨ ᠬᠠᠮᠤᠭ ᠤᠨ ᠤᠷᠲᠤ ᠨᠦᠬᠡᠨ ᠵᠠᠮ ᠪᠣᠯᠬᠤ ᠳ᠋ᠦᠩ ᠲᠤ ᠼᠦᠨ ᠤ ᠨᠦᠬᠡᠨ ᠵᠠᠮ ᠤᠷᠤᠭᠰᠢᠲᠠᠶ ᠨᠡᠪᠲᠡᠷᠡᠪᠡ᠃ ᠳ᠋ᠦᠩ ᠲᠤ ᠼᠦᠨ ᠤ ᠨᠦᠬᠡᠨ ᠵᠠᠮ ᠪᠣᠯ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠡᠵᠡᠮᠳᠡᠯ ᠤᠨ ᠴᠢᠨᠠᠷᠲᠠᠶ ᠢᠨᠵᠧᠨᠧᠷᠢᠩ ᠪᠣᠯᠣᠨ᠎ᠠ᠂ ᠨᠢᠭᠡ ᠨᠥᠬᠡᠨ ᠤ ᠬᠤᠣᠰ ᠵᠠᠮ ᠳᠡᠪᠢᠰᠴᠦ᠂ ᠪᠦᠬᠦ ᠣᠷᠳᠣ ᠨᠢ 4560 ᠮᠧᠲᠷ ᠪᠣᠯᠣᠨ᠎ᠠ᠃ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠪᠦᠬᠦ ᠣᠷᠳᠣ ᠨᠢ 286.8 ᠺᠢᠯᠣᠮᠧᠲᠷ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ᠂ ᠨᠡᠪᠲᠡᠷᠡᠭᠰᠡᠨ ᠤ ᠳᠠᠷᠠᠭ᠎ᠠ ᠪᠡᠭᠡᠵᠢᠩ — ᠴᠢᠭᠤᠯᠤᠯᠲᠤ ᠬᠠᠭᠠᠯᠭ᠎ᠠ ᠬᠦᠷᠬᠦ ᠲᠡᠮᠦᠷ ᠵᠡᠮ ᠲᠠᠢ ᠵᠠᠯᠭᠠᠭᠤᠯᠵᠤ᠂ ᠥᠪᠥᠷ ᠮᠣᠩᠭᠤᠯ ᠤᠨ ᠳᠤᠮᠳᠠ ᠪᠡᠶ᠎ᠡ ᠪᠠ ᠪᠠᠷᠠᠭᠤᠨ ᠪᠡᠶ᠎ᠡ ᠶᠢᠨ ᠭᠠᠵᠠᠷ ᠣᠷᠣᠨ ᠤ ᠪᠡᠭᠡᠵᠢᠩ ᠳᠤ ᠣᠴᠢᠬᠤ ᠠᠶᠠᠨᠴᠢᠳ ᠤᠨ ᠲᠡᠭᠡᠭᠡᠪᠦᠷᠢ ᠶᠢᠨ ᠲᠦᠷᠭᠡᠨ ᠵᠠᠮ ᠢ ᠪᠦᠷᠢᠳᠦᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠢ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号