4 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ︽ᠡᠷᠥᠭᠡ ᠠᠮᠠ ᠰᠢᠯᠵᠢᠭᠦᠯᠬᠦ ᠲᠥᠷᠥ ᠶᠢᠨ ᠪᠤᠳᠤᠯᠭ᠎ᠠ ᠶᠢ ᠤᠯᠠᠮ | ᠲᠣᠬᠢᠷᠠᠭᠤᠯᠵᠤ ᠡᠷᠦᠬᠡ ᠠᠮᠠ ᠶᠢᠨ ᠳᠠᠩᠰᠨ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠡᠷᠦᠬᠡ ᠠᠮᠠ ᠶᠢᠨ ᠳᠠᠩᠰᠠ ᠶᠢᠨ ᠥᠭᠡᠷᠡᠴᠢᠯᠡᠯᠲᠡ ᠶᠢ ᠲᠦᠷᠭᠡᠳᠬᠡᠬᠦ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠲᠠᠶᠢᠯᠤᠮᠵᠢ | ᠬᠢᠪᠡ᠃ | ᠮᠠᠯᠴᠢᠨ ᠲᠠᠷᠢᠶᠠᠴᠢᠳ ᠬᠤᠲᠠᠨ ᠳᠤ ᠬᠠᠤᠯᠢ ᠶᠣᠰᠤᠨ ᠤ ᠲᠣᠭᠲᠠᠪᠤᠷᠢᠲᠠᠶ ᠠᠵᠢᠯ ᠪᠠᠶᠢᠪᠠᠯ ᠳᠠᠷᠤᠶ ᠡᠷᠦᠬᠡ | ᠠᠮᠠ ᠶᠢᠨ ᠳᠠᠩᠰᠠ ᠪᠠᠨ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ | ︽ᠬᠡᠷᠡᠭᠵᠢᠭᠦᠯᠬᠦ ᠰᠠᠨᠠᠯ︾ ᠳᠤ ᠳᠤᠷᠠᠳᠤᠨ ᠭᠠᠷᠭᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ | ᠠᠮᠠ ᠶᠢᠨ ᠳᠠᠩᠰᠠ ᠲᠠᠢ ᠬᠥᠮᠦᠰ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠳᠠ᠂ ᠪᠠᠶᠢᠭᠤᠯᠤᠮᠵᠢᠳᠤ | ᠪᠠᠯᠭᠠᠰᠤᠨ ᠳᠤ ᠬᠠᠤᠯᠢ ᠶᠣᠰᠣᠨ ᠤ ᠲᠣᠭᠲᠠᠪᠤᠷᠢ ᠲᠠᠢ ᠠᠵᠢᠯ ᠪᠠᠶᠢᠪᠠᠯ᠂ ᠲᠤᠰ ᠬᠥᠮᠦᠨ ᠵᠢᠴᠢ ᠬᠠᠮᠲᠤ ᠠᠮᠢᠳᠤᠷᠠᠵᠤ | ᠪᠠᠶᠢᠭ᠎ᠠ ᠬᠠᠨᠢ ᠨᠦᠬᠦᠷ᠂ ᠦᠷ᠎ᠡ ᠬᠡᠦᠬᠡᠳ᠂ ᠣᠮᠪᠣᠯᠣ ᠦᠷ᠎ᠡ ᠬᠡᠦᠬᠡᠳ ︵ᠵᠢᠭᠡ ᠣᠮᠪᠣᠯᠣ ᠦᠷ᠎ᠡ ᠬᠡᠦᠬᠡᠳ︶ ᠪᠠ | ᠡᠷ᠎ᠡ ᠡᠮ᠎ᠡ ᠬᠤᠶᠠᠷ ᠤᠨ ᠡᠴᠢᠭᠡ ᠡᠬᠡ ᠨᠢ ᠠᠵᠢᠯᠯᠠᠵᠤ ᠪᠠᠶᠢᠭ᠎ᠠ ᠭᠠᠵᠠᠷ ᠲᠠᠭᠠᠨ ᠪᠠᠶᠢᠩᠭᠤ ᠰᠠᠭᠤᠬᠤ ᠡᠷᠦᠬᠡ ᠠᠮᠠ | ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠬᠠᠤᠯᠢ ᠶᠣᠰᠤᠨ ᠤ ᠲᠣᠭᠲᠠᠪᠤᠷᠢᠲᠠᠶ ᠣᠷᠣᠨ ᠰᠠᠭᠤᠴᠠ ᠲᠠᠢ | ᠪᠠᠶᠢᠬᠤ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠤᠯᠴᠠᠬᠤ ᠵᠡᠷᠭᠡ ᠪᠤᠰᠤᠳ ᠨᠥᠬᠦᠴᠡᠯ ᠳᠤ | ᠬᠢᠵᠠᠭᠠᠷᠯᠠᠭᠳᠠᠬᠤ ᠦᠭᠡᠢ᠃ ᠥᠭᠡᠷ᠎ᠡ ᠪᠠᠷ ᠬᠡᠯᠡᠪᠡᠯ᠂ ᠬᠤᠲᠠ᠂ ᠪᠠᠶᠢᠭᠤᠯᠤᠮᠵᠢᠳᠤ ᠪᠠᠯᠭᠠᠰᠤᠨ ᠳᠤ ᠣᠴᠢᠵᠤ | ᠰᠠᠭᠤᠷᠢᠰᠢᠨ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠬᠥᠮᠦᠰ᠂ | ᠬᠠᠤᠯᠢ ᠶᠣᠰᠣᠨ ᠤ ᠲᠣᠭᠲᠠᠪᠤᠷᠢ ᠲᠠᠢ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠶᠢᠨ ᠨᠦᠭᠦᠴᠡᠯ ᠢᠶᠠᠷ ᠢᠶᠠᠨ | ᠬᠤᠲᠠ ᠪᠠᠯᠭᠠᠰᠤᠨ ᠳᠤ ᠡᠷᠦᠬᠡ ᠠᠮᠠ ᠶᠢᠨ ᠳᠠᠩᠰᠠ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ᠂ ᠪᠠᠰᠠ ᠬᠠᠤᠯᠢ | ᠶᠣᠰᠤᠨ ᠤ ᠲᠣᠭᠲᠠᠪᠤᠷᠢᠲᠠᠶ ᠠᠵᠢᠯ ᠪᠠᠶᠢᠬᠤ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ ᠶᠢᠨ | ᠳᠠᠩᠰᠠ ᠪᠠᠨ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ᠂ ᠢᠩᠭᠢᠭᠡᠳ ᠲᠠᠷᠢᠶᠠᠯᠠᠩ ᠮᠠᠯ ᠠᠵᠤ ᠠᠬᠤᠶ ᠠᠴᠠ | ᠰᠢᠯᠵᠢᠭᠰᠡᠨ ᠬᠥᠮᠦᠨ ᠠᠮᠠ ᠬᠤᠲᠠ ᠪᠠᠯᠭᠠᠰᠤᠨ ᠳᠤ ᠡᠷᠦᠭᠡ ᠠᠮᠠ ᠶᠢᠨ ᠳᠠᠩᠰᠠ ᠪᠠᠨ ᠣᠷᠤᠭᠤᠯᠬᠤ ᠳᠤ ᠤᠯᠠᠨ | ᠵᠣᠷᠪᠤᠰ ᠡᠷᠦᠬᠡ ᠠᠮᠠ ᠣᠷᠣᠬᠤ ᠲᠥᠷᠦ ᠶᠢᠨ ᠪᠣᠳᠤᠯᠭ᠎ᠠ ᠶᠢᠨ ᠵᠠᠮ ᠲᠣᠭᠲᠠᠭᠠᠵᠤ ᠦᠭᠪᠡ᠃ | ᠬᠠᠤᠯᠢ ᠶᠤᠰᠤᠨ ᠤ ᠲᠣᠭᠲᠠᠪᠤᠷᠢᠲᠠᠶ ᠠᠵᠢᠯ ᠲᠠᠢ ᠭᠡᠳᠡᠭ ᠨᠢ ᠲᠦᠷᠦ ᠶᠢᠨ ᠪᠠᠶᠢᠭᠤᠯᠭ᠎ᠠ᠂ ᠨᠡᠶᠢᠭᠡᠮ ᠤᠨ | ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠡᠯᠰᠡᠭᠳᠡᠭᠰᠡᠨ ᠪᠥᠭᠡᠳ ᠬᠠᠤᠯᠢ ᠶᠣᠰᠣᠭᠠᠷ | ᠬᠥᠳᠡᠯᠮᠦᠷᠢ ᠶᠢᠨ ᠭᠡᠷ᠎ᠡ ᠲᠣᠭᠲᠠᠭᠰᠠᠨ᠂ ᠡᠰᠡᠬᠦᠯ᠎ᠡ ᠬᠤᠲᠠ ᠪᠠᠯᠭᠠᠰᠤ ᠳᠤ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠡᠷᠬᠢᠯᠡᠵᠦ ᠪᠠᠶᠢᠭ᠎ᠠ ᠪᠥᠭᠡᠳ ᠦᠢᠯᠡᠳᠪᠦᠷᠢ ᠬᠤᠳᠠᠯᠳᠤᠭᠠᠨ ᠤ ᠪᠠᠲᠤᠯᠠᠪᠤᠷᠢ ᠪᠠᠶᠢᠬᠤ ᠲᠠᠢ ᠵᠡᠷᠭᠡ ᠶᠢ ᠵᠢᠭᠠᠵᠤ | ᠪᠣᠢ᠂ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠢ ᠵᠣᠬᠢᠰᠲᠠᠶ ᠲᠣᠭᠲᠠᠭᠠᠵᠤ ᠪᠣᠯᠤᠨ᠎ᠠ᠃ | | ︽ᠬᠡᠷᠡᠭᠵᠢᠭᠦᠯᠬᠦ ᠰᠠᠨᠠᠯ︾ ᠳᠤ ᠳᠤᠷᠠᠳᠤᠨ ᠭᠠᠷᠭᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠠᠴᠠ | ᠰᠢᠯᠵᠢᠭᠰᠡᠨ ᠳᠥᠷᠪᠡᠨ ᠲᠥᠷᠥᠯ ᠤᠨ ᠠᠷᠠᠳ ᠣᠯᠠᠨ ᠤ ᠡᠷᠦᠬᠡ ᠠᠮᠠ ᠶᠢᠨ ᠳᠠᠩᠰᠠ ᠤᠷᠤᠭᠤᠯᠬᠤ ᠬᠢᠵᠠᠭᠠᠷᠯᠠᠯ ᠢ | ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ᠂ ᠡᠷᠦᠬᠡ ᠠᠮᠠ ᠤᠷᠤᠭᠤᠯᠬᠤ ᠶᠢ ᠶᠠᠮᠠᠷᠴᠦ ᠨᠦᠬᠦᠴᠡᠯ ᠦᠭᠡᠢ ᠪᠠᠷ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠤᠷᠤᠨ ᠤ ᠳᠣᠲᠤᠷᠠᠬᠢ ᠮᠠᠯᠵᠢᠬᠤ ᠲᠠᠷᠢᠶᠠᠯᠠᠬᠤ ᠣᠷᠣᠨ ᠠᠴᠠ ᠤᠷᠤᠨ ᠤ | ᠳᠣᠲᠤᠷᠠᠬᠢ ᠶᠡᠭᠡ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠰᠢᠯᠭᠠᠨ ᠣᠷᠣᠵᠤ ᠰᠤᠷᠤᠯᠴᠠᠵᠤ | ᠪᠠᠶᠢᠭ᠎ᠠ ᠰᠤᠷᠤᠭᠴᠢᠳ᠂ ᠴᠡᠷᠢᠭ ᠤᠨ ᠠᠯᠪᠠᠨ ᠠᠴᠠ ᠪᠠᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠡᠷᠦᠬᠡ | ᠠᠮᠠ ᠶᠢᠨ ᠳᠠᠩᠰᠠ ᠲᠠᠢ ᠠᠯᠪᠠᠨ ᠵᠢᠷᠤᠮ ᠤᠨ ᠴᠡᠷᠢᠭ ᠪᠠ ᠳᠠᠷᠤᠭ᠎ᠠ ᠪᠠᠶᠢᠯᠳᠤᠭᠴᠢᠳ᠂ ᠬᠤᠳᠠ ᠪᠠᠯᠭᠠᠰᠤᠨ ᠳᠤ | ᠠᠵᠢᠯᠯᠠᠭᠠᠳ 3 ᠵᠢᠯ ᠠᠴᠠ ᠳᠡᠭᠡᠭᠰᠢ ᠰᠠᠭᠤᠷᠢᠰᠢᠭᠰᠠᠨ ᠪᠠ ᠪᠦᠬᠦ ᠭᠡᠷ ᠢᠶᠠᠷ ᠢᠶᠠᠨ ᠬᠤᠳᠠ᠂ ᠪᠠᠶᠢᠭᠤᠯᠤᠮᠵᠢᠳᠤ | ᠪᠠᠯᠭᠠᠰᠤᠨ ᠳᠤ ᠰᠠᠭᠤᠷᠢᠰᠢᠨ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ | ᠲᠠᠢ ᠬᠦᠮᠦᠰ ᠤᠨ ᠲᠤᠰ ᠬᠦᠮᠦᠨ ᠨᠢ ᠳᠤᠷᠠᠲᠠᠶ ᠯᠠ ᠶᠤᠮ ᠪᠣᠯ ᠪᠣᠳᠠᠲᠠᠶ ᠣᠷᠣᠰᠢᠨ ᠰᠠᠭᠤᠵᠤ ᠪᠠᠶᠢᠭ᠎ᠠ ᠬᠤᠲᠠ | ᠪᠠᠯᠭᠠᠰᠤᠨ ᠳᠤ ᠡᠷᠦᠬᠡ ᠠᠮᠠ ᠶᠢᠨ ᠳᠠᠩᠰᠠ ᠪᠠᠨ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ᠃ | ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠮᠡᠷᠭᠡᠵᠢᠯ ᠤᠨ ᠠᠵᠢᠯᠴᠢᠨ ᠵᠡᠷᠭᠡ ᠳᠥᠷᠪᠡᠨ | ᠲᠥᠷᠥᠯ ᠤᠨ ᠠᠵᠢᠯᠲᠠᠨ ᠠᠵᠢᠯᠴᠢᠨ ᠶᠠᠮᠠᠷᠴᠦ ᠨᠦᠭᠦᠴᠡᠯ ᠦᠭᠡᠢ ᠪᠠᠷ ᠡᠷᠦᠬᠡ ᠠᠮᠠ ᠶᠢᠨ ᠳᠠᠩᠰᠠ ᠪᠠᠨ | ᠣᠷᠤᠭᠤᠯᠵᠤ ᠪᠣᠯᠤᠨ᠎ᠠ | ︽ᠬᠡᠷᠡᠭᠵᠢᠭᠦᠯᠬᠦ ᠰᠠᠨᠠᠯ︾ ᠳᠤ ᠳᠤᠷᠠᠳᠤᠨ ᠭᠠᠷᠭᠠᠭᠰᠠᠨ ᠨᠢ᠂ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠴᠢᠳ᠂ ᠮᠡᠷᠭᠡᠵᠢᠯ ᠤᠨ ᠠᠵᠢᠯᠴᠢᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠦᠭᠴᠢᠳ᠂ | ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠣᠴᠠᠭᠰᠠᠨ ᠬᠦᠮᠦᠰ ᠤᠨ ᠡᠷᠦᠬᠡ ᠠᠮᠠ ᠶᠢᠨ ᠳᠠᠩᠰᠠ ᠣᠷᠣᠭᠤᠯᠬᠤ | ᠬᠢᠵᠠᠭᠠᠷᠯᠠᠯ ᠢ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ᠂ ᠡᠷᠦᠬᠡ ᠠᠮᠠ ᠤᠷᠤᠭᠤᠯᠬᠤ ᠶᠢ ᠶᠠᠮᠠᠷᠴᠦ ᠨᠦᠭᠦᠴᠡᠯ ᠦᠭᠡᠢ | ᠪᠠᠷ ᠬᠡᠷᠡᠭᠵᠢᠭᠦᠯᠦᠨ᠎ᠡ᠃ ᠡᠨᠡ ᠳᠥᠷᠪᠡᠨ ᠲᠥᠷᠥᠯ ᠤᠨ ᠬᠦᠮᠦᠰ ᠤᠨ ᠲᠤᠰ ᠬᠦᠮᠦᠨ ᠨᠢ ᠳᠤᠷᠠᠲᠠᠶ ᠯᠠ ᠶᠤᠮ ᠪᠣᠯ | ᠪᠣᠳᠠᠲᠠᠢ ᠣᠷᠤᠰᠢᠨ ᠰᠠᠭᠤᠵᠤ ᠪᠠᠶᠢᠭ᠎ᠠ ᠬᠤᠲᠠ ᠪᠠᠯᠭᠠᠰᠤᠨ ᠳᠤ ᠡᠷᠦᠬᠡ ᠠᠮᠠ ᠶᠢᠨ ᠳᠠᠩᠰᠠ ᠪᠠᠨ ᠣᠷᠣᠭᠤᠯᠬᠤ ᠪᠠᠷ | ᠡᠷᠡᠮᠡᠯᠵᠡᠯᠡᠵᠦ ᠪᠣᠯᠤᠨ᠎ᠠ᠂ ᠲᠡᠳᠡ ᠨᠠᠷ ᠤᠨ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠡᠯᠪᠡᠷᠢ ᠶᠢᠨ | ᠨᠢᠭᠡᠴᠡ ᠶᠢᠨ ᠬᠤᠭᠤᠷᠤᠨᠳᠦ ᠰᠢᠯᠵᠢᠨ ᠠᠵᠢᠯᠯᠠᠬᠤ ᠡᠷᠦᠬᠡ ᠠᠮᠠ ᠶᠢᠨ ᠳᠠᠩᠰᠠ ᠶᠢᠨ ᠲᠥᠷᠥ ᠶᠢᠨ ᠪᠣᠳᠣᠯᠭ᠎ᠠ ᠶᠢᠨ | ᠬᠢᠵᠠᠭᠠᠷᠯᠠᠯ ᠢ ᠡᠷᠡᠰ ᠦᠭᠡᠶᠢᠰᠬᠡᠬᠦ ᠬᠡᠷᠡᠭᠲᠡᠢ᠃ | ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ ᠨᠦᠭᠦᠴᠡᠯ ᠢ ᠠᠭᠤᠵᠢᠭᠤ ᠲᠠᠯᠪᠢᠵᠤ | ᠦᠶ᠎ᠡ ᠠᠯᠤᠰᠯᠠᠨ ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ ᠶᠢ ᠵᠦᠪᠰᠢᠶᠡᠷᠡᠨ᠎ᠡ | ︽ᠬᠡᠷᠡᠭᠵᠢᠭᠦᠯᠬᠦ ᠰᠠᠨᠠᠯ︾ ᠳᠤ ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ | ᠨᠦᠭᠦᠴᠡᠯ ᠢ ᠤᠯᠠᠮ ᠠᠭᠤᠵᠢᠭᠤ ᠲᠠᠯᠪᠢᠭᠰᠠᠨ ᠪᠦᠭᠡᠳ ᠦᠶ᠎ᠡ ᠠᠯᠤᠰᠯᠠᠨ ᠲᠦᠰᠢᠯᠴᠡᠬᠦ ᠶᠢ ᠨᠢ ᠵᠦᠪᠰᠢᠶᠡᠷᠡᠪᠡ᠃ | ᠬᠤᠳᠠ ᠪᠠᠯᠭᠠᠰᠤ ᠶᠢᠨ ᠡᠷᠦᠬᠡ ᠠᠮᠠ ᠶᠢᠨ ᠳᠠᠩᠰᠠ ᠲᠠᠢ ᠬᠦᠮᠦᠰ ᠲᠠᠢ ᠬᠠᠮᠲᠤ ᠠᠮᠢᠳᠤᠷᠠᠵᠤ ᠪᠠᠶᠢᠭ᠎ᠠ ᠬᠠᠨᠢ ᠨᠦᠬᠦᠷ᠂ | ᠦᠷ᠎ᠡ ᠬᠡᠦᠬᠡᠳ᠂ ᠣᠮᠪᠣᠯᠣ ᠦᠷ᠎ᠡ ᠬᠡᠦᠬᠡᠳ ︵ᠵᠢᠭᠡ ᠣᠮᠪᠣᠯᠣ ᠦᠷ᠎ᠡ ᠬᠡᠦᠬᠡᠳ︶ ᠪᠠ ᠡᠷ᠎ᠡ ᠡᠮ᠎ᠡ ᠬᠤᠶᠠᠷ ᠤᠨ | ᠡᠴᠢᠭᠡ ᠡᠬᠡ ᠨᠢ ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ ᠪᠠᠷ ᠭᠤᠶᠤᠴᠢᠯᠠᠵᠤ | ᠪᠣᠯᠤᠨ᠎ᠠ᠂ ᠲᠦᠰᠢᠯᠴᠡᠬᠦ ᠬᠥᠮᠦᠰ ᠤᠨ ᠨᠠᠰᠤ᠂ ᠤᠷᠤᠭᠯᠠᠭᠰᠠᠨ ᠡᠰᠡᠬᠦ᠂ ᠬᠤᠲᠠ ᠪᠠᠯᠭᠠᠰᠤ ᠶᠢᠨ ᠨᠡᠶᠢᠭᠡᠮ ᠤᠨ | ᠳᠠᠭᠠᠳᠬᠠᠯ ᠳᠤ ᠤᠷᠤᠯᠴᠠᠭᠰᠠᠨ ᠪᠠ ᠣᠷᠣᠨ ᠰᠠᠭᠤᠴᠠ ᠶᠢᠨ ᠲᠠᠯᠠᠪᠠᠢ ᠵᠡᠷᠭᠡ ᠪᠤᠰᠤᠳ ᠨᠥᠬᠦᠴᠡᠯ ᠳᠤ | ᠬᠢᠵᠠᠭᠠᠷᠯᠠᠭᠳᠠᠬᠤ ᠦᠭᠡᠢ᠃ |