ᠥᠪᠥᠷ ᠮᠣᠩᠭᠤᠯ ᠵᠠᠰᠠᠭ ᠤᠨ ᠣᠷᠳᠣᠨ ᠤ 259.7 ᠳ᠋ᠦᠩᠰᠢᠭᠤᠷ ᠲᠦᠬᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠬᠠᠨᠳᠤᠯᠭ᠎ᠠ ᠲᠠᠢ ᠳᠠᠭᠠᠭᠠᠨ ᠪᠣᠷᠣᠯᠠᠭᠤᠯᠬᠤ ᠠᠷᠭ᠎ᠠ ᠪᠠᠷ ᠲᠠᠷᠬᠠᠭᠠᠪᠠ
ᠨᠡᠶᠢᠲᠡᠯᠡᠭᠰᠡᠨ ᠴᠠᠭ᠄
2016/5/3
     4 ᠳ᠋ᠦ᠋ᠭᠡᠷ ᠰᠠᠷ᠎ᠠ ᠶᠢᠨ 29᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠷᠬᠡ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠤᠨ ᠲᠢᠩᠬᠢᠮ ᠎ ᠨᠢ ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠲᠠᠷᠬᠠᠭᠠᠬᠤ ᠳᠠᠭᠠᠭᠠᠴᠢᠯᠠᠯᠲᠠ ᠵᠠᠷᠯᠠᠵᠤ ᠬᠦᠯᠢᠶᠡᠬᠦ ᠰᠢᠰᠲ᠋ᠧᠮ ᠤᠨ ᠳᠠᠭᠠᠭᠠᠨ ᠪᠣᠷᠣᠯᠠᠭᠤᠯᠬᠤ ᠬᠤᠪᠢᠶᠠᠷᠢ ᠰᠢᠰᠲ᠋ᠧᠮ ᠢᠶᠠᠷ ᠳᠠᠮᠵᠢᠭᠤᠯᠤᠨ᠂ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠠᠩᠬᠠᠳᠤᠭᠠᠷ ᠪᠦᠯᠦᠭ ᠤᠨ ᠪᠦᠷᠢᠯᠳᠦᠬᠦᠨ ᠳᠤ ᠬᠠᠨᠳᠤᠭᠤᠯᠤᠨ᠂  ᠮᠠᠨ ᠤ ᠣᠷᠣᠨ ᠤ ᠵᠠᠰᠠᠭ ᠤᠨ ᠣᠷᠳᠣᠨ ᠤ 259.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠬᠠᠨᠳᠤᠯᠭ᠎ᠠ ᠲᠠᠢ ᠳᠠᠭᠠᠭᠠᠨ ᠪᠣᠷᠣᠯᠠᠭᠤᠯᠬᠤ ᠠᠷᠭ᠎ᠠ ᠪᠠᠷ ᠲᠠᠷᠬᠠᠭᠠᠵᠤ᠂ ᠭᠤᠣᠯᠳᠠᠭᠤ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠭᠤᠴᠠᠭ᠎ᠠ ᠨᠢ ᠲᠤᠯᠤᠭᠰᠠᠨ ᠪᠠᠩᠬᠢ ᠶᠢᠨ  ᠥᠭᠴᠡᠭᠡ ᠶᠢ ᠲᠦᠯᠦᠬᠦ ᠳᠤ ᠵᠠᠷᠤᠴᠠᠭᠤᠯᠪᠠ᠃ ᠲᠤᠰ ᠪᠦᠯᠦᠭ ᠵᠢᠭᠡᠯᠡᠯᠭᠡ ᠶᠢᠨ ᠲᠡᠮᠳᠡᠭᠲᠦ ᠎ ᠳᠤ᠂ ᠡ᠊ᠩ ᠤᠨ ᠵᠢᠭᠡᠯᠡᠯᠭᠡ ᠶᠢᠨ ᠲᠡᠮᠳᠡᠭᠲᠦ ᠨᠢ 179.5 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ᠂ 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 21.5 ᠳ᠋ᠦᠩᠰᠢᠭᠤᠷ ᠲᠥᠭᠦᠷᠢᠭ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 53.4 ᠳ᠋ᠦᠩᠰᠢᠭᠤᠷ ᠲᠥᠭᠦᠷᠢᠭ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 53.4 ᠳ᠋ᠦᠩᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 51.2 ᠳ᠋ᠦᠩᠰᠢᠭᠤᠷ ᠲᠥᠭᠦᠷᠢᠭ᠂ ᠳᠠᠭᠠᠭᠠᠴᠢᠯᠠᠯᠲᠠ  ᠬᠦᠯᠢᠶᠡᠭᠰᠡᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 2.96%᠂ 3.19%᠂ 3.48%᠂ 3.38% ᠪᠣᠯᠤᠨ᠎ᠠ︔ ᠲᠤᠰᠬᠠᠶ ᠵᠢᠭᠡᠯᠡᠯᠭᠡ ᠶᠢᠨ ᠲᠡᠮᠳᠡᠭᠲᠦ 80.2 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 40.1 ᠳ᠋ᠦᠩᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 40.1 ᠳ᠋ᠦᠩᠰᠢᠭᠤᠷ ᠲᠥᠭᠦᠷᠢᠭ᠂ ᠳᠠᠭᠠᠭᠠᠴᠢᠯᠠᠯᠲᠠ ᠬᠦᠯᠢᠶᠡᠭᠰᠡᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 3.19%᠂ 3.38% ᠪᠣᠯᠤᠨ᠎ᠠ᠃ ᠲᠤᠰ ᠤᠳᠠᠭᠠᠨ ᠤ ᠲᠠᠷᠬᠠᠭᠠᠯᠲᠠ ᠳᠠᠭᠤᠰᠲᠠᠯ᠎ᠠ᠂ 2016 ᠣᠨ ᠳᠤ ᠮᠠᠨ ᠤ ᠣᠷᠣᠨ ᠬᠤᠳᠠᠯᠳᠤᠨ ᠰᠣᠯᠢᠵᠤ ᠪᠣᠯᠬᠤᠶᠢᠴᠠ ᠵᠢᠭᠡᠯᠡᠯᠭᠡ ᠶᠢᠨ ᠲᠡᠮᠳᠡᠭᠲᠦ ᠶᠢ 889.7 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠵᠢᠯ ᠤᠨ ᠬᠤᠳᠠᠯᠳᠤᠨ ᠰᠣᠯᠢᠵᠤ ᠪᠣᠯᠬᠤᠶᠢᠴᠠ ᠵᠢᠭᠡᠯᠡᠯᠭᠡ ᠶᠢᠨ ᠲᠡᠮᠳᠡᠭᠲᠦ  ᠶᠢᠨ ᠬᠡᠪᠴᠢᠶ᠎ᠡ ᠶᠢᠨ ᠳᠡᠭᠡᠳᠦ ᠬᠢᠵᠠᠭᠠᠷ ᠤᠨ 42.37%᠎ ᠶᠢ ᠪᠡᠶᠡᠯᠡᠭᠦᠯᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号