ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠪᠣᠯ ᠮᠠᠨ ᠤ ᠣᠷᠣᠨ ᠤ ᠬᠡᠷᠡᠭᠵᠢᠭᠦᠯᠬᠦ ᠠᠷᠠᠳ | ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠃ ᠤᠢᠢᠷ᠎ᠠ ᠶᠢᠨ ᠵᠢᠯ ᠤᠳ ᠲᠤ᠂ ᠤᠯᠤᠰ ᠤᠨ ᠤᠳᠤᠷᠢᠳᠬᠤ | ᠬᠥᠮᠦᠰ ᠤᠷᠢᠳ ᠬᠤᠵᠢᠳ ᠮᠠᠨ ᠤ ᠣᠷᠣᠨ ᠤ ᠬᠡᠰᠡᠭ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠪᠠᠶᠢᠴᠠᠭᠠᠨ ᠦᠵᠡᠵᠦ᠂ ︽ᠰᠠᠨᠠᠭ᠎ᠠ ᠵᠣᠪᠠᠮᠠᠷ ᠣᠷᠣᠨ ᠰᠠᠭᠤᠴᠠ︾ ᠶᠢ ︽ᠣᠷᠣᠰᠢᠨ ᠰᠠᠭᠤᠬᠤ ᠳᠤ ᠲᠣᠬᠢᠷᠠᠮᠵᠢᠲᠠᠶ | ᠣᠷᠣᠨ ᠰᠠᠭᠤᠴᠠ︾ ᠪᠣᠯᠭᠠᠨ ᠬᠤᠪᠢᠷᠠᠭᠤᠯᠬᠤ ᠲᠤᠬᠠᠢ ᠬᠤᠯᠪᠣᠭᠳᠠᠯ ᠪᠦᠬᠦᠢ ᠵᠢᠭᠠᠪᠤᠷᠢ ᠥᠭᠴᠡᠢ᠂ ᠮᠠᠨ ᠤ ᠣᠷᠣᠨ | ᠴᠦ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠶᠢ ᠲᠠᠰᠤᠷᠠᠯᠲᠠ ᠦᠭᠡᠶ ᠴᠢᠩᠭᠠᠷᠠᠭᠤᠯᠵᠤ᠂ | ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ ︽ᠨᠢᠭᠡ ᠲᠠᠯ᠎ᠠ ᠳᠤᠨᠢ ᠥᠨᠳᠥᠷ ᠠᠰᠠᠷ ᠰᠦᠨᠳᠡᠷᠯᠡᠵᠦ᠂ ᠨᠢᠭᠡ ᠲᠠᠯ᠎ᠠ ᠳᠤᠨᠢ ᠳᠥᠭᠦᠮ | ᠪᠦᠳᠦᠭᠦᠯᠢᠭ ᠣᠷᠣᠨ ᠰᠠᠭᠤᠴᠠ ᠨᠡᠯᠦᠶᠢᠭᠰᠡᠨ︾ ᠬᠤᠲᠠ ᠬᠥᠳᠡᠭᠡ ᠶᠢᠨ ᠵᠣᠬᠢᠴᠠᠯ ᠦᠭᠡᠢ ᠨᠣᠲ ᠨᠠᠶᠢᠷᠠᠯ ᠢ | ᠬᠦᠴᠦᠯᠡᠨ ᠰᠠᠶᠢᠵᠢᠷᠠᠭᠤᠯᠵᠤ ᠪᠣᠢ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ | ᠪᠡᠯᠭᠡᠯᠡᠬᠦ ᠳᠤ ᠵᠣᠷᠢᠭᠤᠯᠤᠭᠰᠠᠨ ᠲᠥᠷᠥᠯ ᠵᠦᠢᠯ ᠪᠣᠯᠣᠭᠰᠠᠨ ᠤ ᠬᠤᠪᠢ ᠳᠤ᠂ ᠮᠠᠨ ᠤ ᠣᠷᠣᠨ 2015 ᠣᠨ ᠠᠴᠠ | 2017 ᠣᠨ ᠪᠤᠯᠲᠠᠯ᠎ᠠ 50.5 ᠲᠦᠮᠡᠨ ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠵᠦ | ᠰᠢᠨ᠎ᠡ ᠪᠠᠷ ᠪᠠᠶᠢᠭᠤᠯᠬᠤ ᠪᠠᠷ ᠲᠣᠭᠲᠠᠵᠠᠢ᠃ ᠦᠢᠷ᠎ᠡ ᠶᠢᠨ ᠨᠢᠭᠡ ᠬᠤᠶᠠᠷ ᠵᠢᠯ ᠤᠨ ᠲᠤᠷᠰᠢ᠂ ᠮᠠᠨ ᠤ ᠣᠷᠣᠨ ᠪᠠᠰᠠ | ᠪᠡᠶ᠎ᠡ ᠪᠠᠨ ᠱᠠᠭᠠᠷᠳᠠᠨ᠂ ᠪᠠᠲᠤᠯᠠᠭ᠎ᠠ ᠶᠢᠨ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ 2015 ᠣᠨ ᠠᠴᠠ | 2017 ᠣᠨ ᠪᠤᠯᠲᠠᠯ᠎ᠠ 65 ᠲᠦᠮᠡᠨ ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠠ | ᠰᠢᠨ᠎ᠡ ᠪᠠᠷ ᠪᠠᠶᠢᠭᠤᠯᠵᠤ᠂ ᠲᠦᠬᠦᠮ ᠪᠦᠳᠦᠭᠦᠯᠢᠭ ᠣᠷᠣᠨ ᠰᠠᠭᠤᠴᠠᠲᠣ ᠲᠣᠭᠤᠷᠢᠭ ᠤᠨ ᠥᠷᠭᠡᠨ ᠤᠯᠠᠨ ᠰᠠᠭᠤᠭᠠᠯᠢ | ᠠᠷᠠᠳ ᠲᠤ ᠠᠵᠠ ᠵᠢᠷᠭᠠᠯ ᠣᠯᠭᠤᠬᠤ ᠪᠠᠷ ᠲᠣᠭᠲᠠᠭᠠᠭᠰᠠᠨ ᠪᠠᠶᠢᠨ᠎ᠠ᠃ | ︽ᠨᠢᠳᠤᠨᠤᠨ ᠵᠢᠯ ᠠᠴᠠ ᠨᠠᠰᠢ᠂ ᠮᠠᠨ ᠤ ᠣᠷᠣᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ | ᠭᠤᠷᠪᠠᠨ ᠵᠢᠯ ᠤᠨ ᠲᠥᠯᠥᠪᠯᠡᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠤᠯᠠᠨ ᠠᠷᠭ᠎ᠠ | ᠵᠠᠮ ᠢᠶᠠᠷ ᠰᠢᠢᠳᠪᠦᠷᠢᠯᠡᠵᠤ᠂ ᠵᠢᠭᠡᠯᠡᠯᠭᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ ᠭᠠᠷᠳᠠᠮ ᠢ | ᠳᠥᠭᠦᠮᠴᠢᠯᠡᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠲᠦᠬᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ | ᠥᠭᠡᠷᠡᠴᠢᠯᠡᠨ ᠰᠠᠶᠢᠵᠢᠷᠠᠭᠤᠯᠤᠯᠲᠠ ᠶᠢ ᠵᠤᠭᠤᠰᠴᠢᠯᠠᠨ ᠲᠣᠬᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠲᠤᠭ᠎ᠠ | ᠪᠠᠷᠢᠮᠲᠠ ᠶᠢᠨ ᠪᠦᠷᠢᠳᠬᠡᠯ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ | ᠰᠢᠮᠳᠠᠭᠤᠯᠤᠨ ᠪᠠᠶᠢᠴᠠᠭᠠᠬᠤ ᠡᠷᠴᠢᠮ ᠢ ᠦᠨᠡᠨ ᠬᠦ ᠨᠡᠮᠡᠭᠳᠡᠭᠦᠯᠪᠡ᠃ ᠨᠢᠳᠤᠨᠤᠨ᠂ ᠮᠠᠨ ᠤ ᠣᠷᠣᠨ ᠤ 24.23 | ᠲᠦᠮᠡᠨ ᠢᠵᠢ ᠡᠯ᠎ᠡ ᠲᠥᠷᠥᠯ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠵᠦ ᠰᠢᠨ᠎ᠡ ᠪᠠᠷ | ᠪᠠᠶᠢᠭᠤᠯᠪᠠ︔ ᠡᠨᠡ ᠵᠢᠯ 22.1 ᠲᠦᠮᠡᠨ ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠵᠦ | ᠰᠢᠨ᠎ᠡ ᠪᠠᠷ ᠪᠠᠶᠢᠭᠤᠯᠬᠤ ᠪᠣᠯᠤᠨ᠎ᠠ᠂ 3 ᠵᠢᠯ ᠳᠤ ᠨᠡᠶᠢᠳᠠ 65 ᠲᠦᠮᠡᠨ ᠢᠵᠢ ᠳᠥᠭᠦᠮ ᠪᠦᠳᠦᠭᠦᠯᠢᠭ ᠣᠷᠣᠨ | ᠰᠠᠭᠤᠴᠠ ᠶᠢ ᠰᠢᠨ᠎ᠡ ᠪᠠᠷ ᠪᠠᠶᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠵᠦ ᠪᠠᠶᠢᠯ᠎ᠠ᠃ ᠪᠡᠯᠡ | ᠮᠥᠩᠭᠦᠨ ᠤ ᠢᠷᠡᠯᠲᠡ ᠨᠢ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠶᠠᠪᠤᠳᠠᠯ ᠤᠨ ᠤᠷᠤᠭᠰᠢᠲᠠᠶ | ᠶᠠᠪᠤᠭᠳᠠᠬᠤ ᠶᠢᠨ ᠪᠣᠭᠤᠮᠢ ᠪᠣᠯᠣᠭᠰᠠᠭᠠᠷ ᠢᠷᠡᠵᠡᠢ᠃ ᠨᠢᠳᠤᠨᠤᠨ ᠠᠴᠠ ᠨᠠᠰᠢ᠂ ᠮᠠᠨ ᠤ ᠣᠷᠣᠨ ᠤ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠪᠡᠯᠡ ᠮᠥᠩᠭᠦ ᠶᠢ ᠤᠯᠠᠨ ᠠᠷᠭ᠎ᠠ ᠵᠠᠮ ᠢᠶᠠᠷ ᠴᠤᠭᠯᠠᠭᠤᠯᠤᠭᠰᠠᠨ | ᠪᠠᠶᠢᠨ᠎ᠠ᠄ ᠨᠢᠭᠡ ᠳᠤ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠥᠷᠢ ᠪᠡᠯᠡ ᠮᠥᠩᠭᠦ ᠶᠢ | ᠴᠠᠭ ᠲᠤᠬᠠᠶ ᠳᠤᠨᠢ ᠰᠠᠯᠭᠠᠨ ᠥᠭᠴᠡᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠤᠷᠢᠳ ᠬᠤᠵᠢᠳ 5 ᠪᠦᠯᠦᠭ ᠲᠥᠪ ᠤᠨ ᠡᠳ᠋ ᠤᠨ | ᠵᠠᠰᠠᠭ ᠤᠨ ᠨᠥᠬᠦᠪᠥᠷᠢ ᠮᠥᠩᠭᠦ ᠶᠢ 85 ᠳ᠋ᠦᠩᠰᠢᠭᠤᠷ ᠲᠥᠭᠦᠷᠢᠭ ᠪᠠᠭᠤᠯᠭᠠᠵᠤ᠂ 2 ᠪᠦᠯᠦᠭ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠨᠥᠬᠦᠪᠥᠷᠢ ᠮᠥᠩᠭᠦ ᠶᠢ 9 ᠳ᠋ᠦᠩᠰᠢᠭᠤᠷ ᠲᠥᠭᠦᠷᠢᠭ ᠪᠠᠭᠤᠯᠭᠠᠪᠠ︔ ᠬᠤᠶᠠᠷ ᠲᠤ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ᠂ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠲᠡᠮᠳᠡᠭᠲᠦ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠬᠦ ᠲᠤᠰᠬᠠᠶ ᠲᠥᠷᠥᠯ ᠵᠦᠢᠯ ᠤᠨ ᠲᠤᠬᠠᠶ ᠰᠠᠨᠠᠭᠤᠯᠭ᠎ᠠ ᠶᠢ ᠳᠡᠮᠵᠢᠬᠦ ᠲᠥᠯᠥᠪᠯᠡᠭᠡ ᠶᠢ ᠴᠠᠭ ᠲᠤᠬᠠᠶ ᠳᠤᠨᠢ | ᠳᠤᠷᠠᠳᠤᠨ ᠭᠠᠷᠭᠠᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ 4 ᠪᠦᠯᠦᠭ ᠲᠥᠷᠥᠯ ᠵᠦᠢᠯ ᠢ | ᠤᠷᠢᠳ ᠬᠤᠵᠢᠳ ᠳᠡᠭᠡᠭᠰᠢ ᠮᠡᠳᠡᠭᠦᠯᠵᠦ 43.86 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠵᠢᠭᠡᠯᠡᠯᠭᠡ ᠶᠢᠨ ᠲᠡᠮᠳᠡᠭᠲᠦ ᠶᠢ ᠣᠯᠵᠠᠢ︔ ᠭᠤᠷᠪᠠ ᠳᠤ ᠳᠥᠭᠦᠮ ᠪᠦᠳᠦᠭᠦᠯᠢᠭ ᠣᠷᠣᠨ | ᠰᠠᠭᠤᠴᠠ ᠶᠢ ᠥᠭᠡᠷᠡᠴᠢᠯᠡᠬᠦ ᠵᠢᠭᠡᠯᠡᠯᠭᠡ ᠶᠢᠨ ᠬᠤᠯᠪᠣᠭᠳᠠᠯ ᠪᠦᠬᠦᠢ ᠠᠵᠢᠯ ᠢ ᠬᠢᠨᠠᠮᠠᠭᠠᠶ ᠰᠠᠶᠢᠲᠤᠷ ᠬᠢᠵᠡᠢ᠃ 2015 | ᠣᠨ ᠳᠤ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠬᠠᠮᠲᠤᠷᠠᠵᠤ᠂ | ᠤᠷᠢᠳ ᠬᠤᠵᠢᠳ 443 ᠳ᠋ᠦᠩᠰᠢᠭᠤᠷ ᠲᠥᠭᠦᠷᠢᠭ ᠤᠨ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ | ᠢᠲᠡᠭᠡᠮᠵᠢᠲᠦ ᠲᠤᠭ᠎ᠠ ᠨᠤᠷᠮ᠎ᠠ ᠶᠢ ᠪᠣᠳᠠᠲᠠᠶ ᠲᠥᠷᠥᠯ ᠵᠦᠢᠯ ᠬᠦᠷᠲᠡᠯ᠎ᠡ ᠵᠠᠳᠠᠯᠤᠨ ᠨᠠᠶᠢᠳᠠᠪᠤᠷᠢᠵᠢᠭᠤᠯᠪᠠ᠃ | ᠡᠭᠦᠨ ᠠᠴᠠ ᠭᠠᠳᠠᠨ᠎ᠠ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠠᠴᠠ ᠪᠧᠢ ᠯᠢᠶᠠᠩ ᠤᠨ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠳᠤ 50 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠵᠠᠢ᠃ ᠡᠭᠦᠨ ᠤ ᠬᠠᠮᠲᠤ᠂ ᠰᠢᠩ ᠶᠧ ᠪᠠᠩᠬᠢ᠂ ᠭᠤᠸᠠᠩ ᠳ᠋ᠠ ᠪᠠᠩᠬᠢ᠂ ᠰᠢᠦᠳᠠᠨ ᠤ ᠬᠠᠳᠠᠭᠠᠯᠠᠮᠵᠢ ᠶᠢᠨ | ᠪᠠᠩᠬᠢ ᠲᠠᠢ ᠢᠳᠡᠪᠬᠢᠲᠡᠶ ᠪᠠᠷ ᠵᠣᠯᠭᠠᠯᠳᠤᠭᠤᠯᠤᠨ᠂ ᠵᠢᠭᠡᠯᠡᠯᠭᠡ ᠪᠠᠷ ᠳᠡᠮᠵᠢᠭᠦᠯᠵᠡᠢ︔ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠵᠤ | ᠬᠡᠯᠡᠯᠴᠡᠨ ᠲᠣᠬᠢᠷᠠᠬᠤ ᠠᠵᠢᠯ ᠢ ᠴᠢᠩᠭᠠᠳᠬᠠᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ | ᠥᠭᠡᠷᠡᠴᠢᠯᠡᠯᠲᠡ ᠶᠢᠨ ᠠᠵᠢᠯ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ ᠶᠢ ᠢᠳᠡᠪᠬᠢᠲᠡᠶ | ᠲᠦᠯᠬᠢᠨ ᠠᠬᠢᠭᠤᠯᠵᠠᠢ᠃ ᠤᠯᠠᠭᠠᠨᠬᠠᠳᠠ ᠬᠤᠲᠠ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠭᠡᠷ | ᠪᠠᠶᠢᠰᠢᠩ ᠭᠠᠵᠠᠷ ᠬᠦᠷᠦᠩᠭᠡ ᠶᠢᠨ ᠪᠦᠯᠦᠭᠯᠡᠯ ᠢ ᠣᠷᠣᠭᠤᠯᠣᠨ ᠠᠪᠴᠢᠷᠠᠵᠤ ᠤᠯᠠᠭᠠᠨᠬᠠᠳᠠ ᠬᠤᠲᠠ ᠶᠢᠨ ᠬᠤᠩᠱᠠᠨ | ᠲᠣᠭᠤᠷᠢᠭ ᠤᠨ ᠵᠠᠰᠠᠭ ᠤᠨ ᠣᠷᠳᠣᠨ ᠲᠠᠢ ᠬᠠᠮᠲᠤᠷᠠᠵᠤ᠂ ppp ᠵᠠᠭᠪᠤᠷ ᠢ ᠬᠡᠷᠡᠭᠯᠡᠨ ᠳᠥᠭᠦᠮ ᠪᠦᠳᠦᠭᠦᠯᠢᠭ | ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠲᠤᠷᠰᠢᠯᠲᠠ ᠶᠢ ᠲᠦᠷᠭᠡᠪᠴᠢᠯᠡᠨ ᠬᠢᠵᠦ᠂ ᠳᠥᠭᠦᠮ ᠪᠦᠳᠦᠭᠦᠯᠢᠭ | ᠣᠷᠣᠨ ᠰᠠᠭᠤᠴᠠ ᠶᠢ ᠥᠭᠡᠷᠡᠴᠢᠯᠡᠬᠦ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠪᠡ᠃ |