ᠸᠠᠩ ᠰᠢᠶᠤᠤ ᠱᠢ ᠶᠢ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠪᠠ
ᠨᠡᠶᠢᠲᠡᠯᠡᠭᠰᠡᠨ ᠴᠠᠭ᠄
2016/5/3

     2016 ᠣᠨ ᠤ 4 ᠳ᠋ᠤᠭᠡᠷ ᠰᠠᠷ᠎ᠠ ᠶᠢᠨ 15 ᠤ ᠡᠳᠦᠷ ᠤᠯᠠᠭᠠᠨᠬᠠᠳᠠ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯᠳᠤᠭᠠᠨ ᠠᠴᠠ ᠸᠠᠩ ᠰᠢᠶᠤᠤ ᠱᠢ ᠶᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃


     ᠸᠠᠩ ᠰᠢᠶᠤᠤ ᠱᠢ ᠨᠥᠬᠦᠷ ᠤᠨ ᠲᠣᠪᠴᠢ ᠨᠠᠮᠲᠠᠷ

     ᠸᠠᠩ ᠰᠢᠶᠤᠤ ᠱᠢ᠂ ᠡᠷᠡᠭᠲᠡᠶ᠂ ᠬᠢᠲᠠᠳ ᠦᠨᠳᠦᠰᠦᠲᠡᠨ᠂ 1966 ᠣᠨ ᠤ 8 ᠳ᠋ᠤᠭᠠᠷ ᠰᠠᠷ᠎ᠠ ᠳᠤ ᠾᠧᠨᠠᠨ ᠤ ᠪᠥᠸᠧ ᠠᠢ ᠳᠤ ᠲᠥᠷᠥᠵᠡᠢ᠃ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠤᠬᠠᠭᠠᠨ ᠤ ᠮᠠᠭᠢᠰᠲ᠋ᠧᠷ᠂ 1992 ᠣᠨ ᠤ 4 ᠳ᠋ᠤᠭᠡᠷ ᠰᠠᠷ᠎ᠠ ᠳᠤ ᠠᠵᠢᠯ ᠳᠤ ᠣᠷᠣᠵᠣ᠂ 1988 ᠣᠨ ᠤ 10 ᠳ᠋ᠤᠭᠠᠷ ᠰᠠᠷ᠎ᠠ ᠳᠤ ᠳᠤᠮᠳᠠᠳᠤ ᠣᠯᠣᠰ ᠤᠨ ᠡᠪ ᠬᠠᠮᠲᠤ ᠨᠠᠮ ᠳᠤ ᠡᠯᠰᠡᠭᠳᠡᠪᠡ᠃
     ᠤᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠢᠨ ᠲᠣᠰᠢᠶᠠᠯ ᠳᠤ ᠪᠠᠶᠢᠨ᠎ᠠ᠃
     1984.09 --1989.07 ᠱᠠᠩᠬᠠᠶ ᠶᠢᠨ ᠲᠦᠡᠭᠵᠢ ᠶᠡᠭᠡ ᠰᠤᠷᠭᠠᠭᠤᠯᠢ ᠶᠢᠨ ᠢᠨᠵᠧᠨᠧᠷᠢᠩ ᠤᠨ ᠮᠧᠬᠠᠨᠢᠭ ᠤᠨ ᠲᠤᠰᠬᠠᠶ ᠮᠡᠷᠭᠡᠵᠢᠯ ᠤᠨ ᠰᠤᠷᠦᠬᠴᠢ ᠪᠠᠶᠢᠪᠠ︔
     1989.07 --1992.04 ᠱᠠᠩᠬᠠᠶ ᠶᠢᠨ ᠲᠦᠡᠭᠵᠢ ᠶᠡᠭᠡ ᠰᠤᠷᠭᠠᠭᠤᠯᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠰᠤᠳᠤᠯᠬᠤ ᠰᠤᠷᠤᠭᠴᠢ ᠪᠠᠶᠢᠪᠠ︔
     1992.04 --1995.10 ᠬᠥᠳᠡᠯᠮᠦᠷᠢ ᠶᠢᠨ ᠶᠠᠮᠤᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠭᠠᠵᠠᠷ ᠤᠨ ᠺᠠᠳ᠋ᠷ ᠪᠠᠶᠢᠪᠠ︔
     1995.10 --1998.07 ᠬᠥᠳᠡᠯᠮᠦᠷᠢ ᠶᠢᠨ ᠶᠠᠮᠤᠨ ᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠳᠡᠯ ᠪᠠᠶᠢᠴᠠᠭᠠᠬᠤ ᠭᠠᠵᠠᠷ ᠤᠨ ᠺᠠᠳ᠋ᠷ ︵1996.10 ᠡᠷᠬᠢᠯᠡᠭᠴᠢ ᠭᠡᠰᠢᠭᠦᠴᠢ︶ ᠪᠠᠶᠢᠪᠠ︔
     1998.07 --2000.12 ᠤᠯᠤᠰ ᠤᠨ ᠠᠵᠤ ᠠᠬᠤᠶ ᠠᠷᠠᠯᠵᠢᠶᠠᠨ ᠤ ᠶᠠᠮᠤᠨ ᠤ ᠠᠶᠤᠯ ᠥᠭᠡᠢ ᠦᠢᠯᠡᠳᠪᠦᠷᠢᠯᠡᠯ ᠤᠨ ᠲᠣᠪᠴᠢᠶ᠎ᠠ ᠶᠢᠨ ᠲᠡᠷᠢᠭᠦᠨ ᠰᠠᠯᠠᠭᠠᠨ ᠳᠡᠰ ᠤᠨ ᠺᠠᠳ᠋ᠷ ᠪᠠᠶᠢᠪᠠ︔
     2000.12 --2003.12 ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠭᠤᠷᠪᠠᠳᠤᠭᠠᠷ ᠵᠤᠷᠭᠠᠨ ᠤ ᠬᠤᠶᠠᠳᠤᠭᠠᠷ ᠭᠠᠵᠠᠷ ᠤᠨ ᠳᠡᠳ᠋ ᠳᠠᠷᠤᠭ᠎ᠠ ᠪᠠᠶᠢᠪᠠ ︵ᠡᠨᠡ ᠬᠤᠭᠤᠴᠠᠭᠠᠨ ᠳᠤ᠄ 2002.03-2002.07 ᠲᠥᠪ ᠤᠨ ᠨᠠᠮ ᠤᠨ ᠰᠤᠷᠭᠠᠭᠤᠯᠢ ᠶᠢᠨ ᠤᠯᠤᠰ ᠤᠨ ᠲᠣᠪᠴᠢᠶ᠎ᠠ ᠶᠢᠨ ᠰᠠᠯᠪᠤᠷᠢ ᠰᠤᠷᠭᠠᠭᠤᠯᠢ ᠶᠢᠨ ᠺᠠᠳ᠋ᠷ ᠢ ᠳᠠᠪᠲᠠᠨ ᠪᠣᠯᠪᠠᠰᠤᠷᠠᠭᠤᠯᠬᠤ ᠠᠩᠬᠢ ᠳᠤ ᠰᠤᠷᠤᠯᠴᠠᠪᠠ︶︔
     2003.12 --2005.05 ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ ᠵᠤᠷᠭᠠᠨ ᠤ ᠭᠤᠷᠪᠠᠳᠤᠭᠠᠷ ᠭᠠᠵᠠᠷ ᠤᠨ ᠳᠠᠷᠤᠭ᠎ᠠ ᠪᠠᠶᠢᠪᠠ︔
     2005.05 --2007.06 ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ ᠵᠤᠷᠭᠠᠨ ᠤ ᠭᠤᠷᠪᠠᠳᠤᠭᠠᠷ ᠭᠠᠵᠠᠷ ᠤᠨ ᠳᠠᠷᠤᠭ᠎ᠠ ᠪᠠᠶᠢᠪᠠ︔
     2007.06 --2009.02 ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ ᠵᠤᠷᠭᠠᠨ ᠤ ᠶᠡᠷᠦᠩᠬᠡᠶᠢᠯᠡᠨ ᠬᠠᠮᠢᠶᠠᠷᠬᠤ ᠭᠠᠵᠠᠷ ᠤᠨ ᠳᠠᠷᠤᠭ᠎ᠠ ᠪᠠᠶᠢᠪᠠ︔
     2009.02 --2012.04 ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠳᠥᠷᠪᠡᠳᠦᠭᠡᠷ ᠵᠤᠷᠭᠠᠨ ᠤ ᠬᠤᠶᠠᠳᠤᠭᠠᠷ ᠭᠠᠵᠠᠷ ᠤᠨ ᠳᠠᠷᠤᠭ᠎ᠠ ᠪᠠᠶᠢᠪᠠ︔
     2012.04 --2014.12 ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠳᠥᠷᠪᠡᠳᠦᠭᠡᠷ ᠵᠤᠷᠭᠠᠨ ᠤ ᠶᠡᠷᠦᠩᠬᠡᠶᠢᠯᠡᠨ ᠬᠠᠮᠢᠶᠠᠷᠬᠤ ᠭᠠᠵᠠᠷ ᠤᠨ ᠳᠠᠷᠤᠭ᠎ᠠ ᠪᠠᠶᠢᠪᠠ︔
     2014.12 --2016.04 ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠶᠤᠯ ᠥᠭᠡᠢ  ᠶᠢᠨ ᠬᠢᠨᠠᠯᠲᠠ ᠬᠠᠮᠢᠶᠠᠷᠤᠯᠲᠠ ᠶᠢᠨ ᠳᠥᠷᠪᠡᠳᠦᠭᠡᠷ ᠵᠤᠷᠭᠠᠨ ᠤ ᠳᠡᠳ᠋ ᠲᠣᠭᠤᠷᠢᠨ ᠪᠠᠶᠢᠴᠠᠭᠠᠭᠴᠢ ᠪᠠᠶᠢᠪᠠ︔
     2016.04 -- ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠪᠠᠶᠢᠪᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ