ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠂ ᠰᠢᠨ᠎ᠡ ᠶᠢ | ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠪᠣᠯᠤᠨ᠎ᠠ᠃ | ᠤᠢᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ | ᠳᠡᠭᠡᠪᠦᠷ ᠵᠢᠷᠤᠭ ᠲᠦᠯᠦᠪᠯᠡᠯᠭᠡ ᠶᠢ ᠴᠢᠩᠭᠠᠳᠬᠠᠨ᠂ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠲᠦᠰᠢᠭ ᠲᠤᠯᠭᠠᠭᠤᠷᠢ | ᠬᠠᠩᠭᠠᠵᠠᠶ᠃ | 2015 ᠣᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠣᠷᠣᠭᠤᠯᠤᠯᠲᠠ ᠨᠢ 10.28 ᠳ᠋ᠦᠩᠰᠢᠭᠤᠷ ᠲᠥᠭᠦᠷᠢᠭ ᠪᠠᠶᠢᠵᠤ᠂ 2011 ᠣᠨ ᠤ 2. | 14 ᠳᠠᠬᠢᠨ ᠪᠣᠯᠵᠠᠢ᠃ ᠪᠦᠬᠦ ᠣᠷᠣᠨ ᠤ ᠭᠤᠶᠤᠴᠢᠯᠠᠭᠰᠠᠨ ᠲᠤᠰᠬᠠᠶ ᠠᠰᠢᠭ ᠨᠢ 8876 ᠵᠦᠢᠯ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 39.58% ᠪᠠᠷ ᠨᠡᠮᠡᠭᠳᠡᠨ᠂ 5522 ᠵᠦᠢᠯ ᠳᠤ ᠲᠤᠰᠬᠠᠶ ᠠᠰᠢᠭ ᠤᠨ ᠡᠷᠬᠡ | ᠣᠯᠭᠤᠵᠣ᠂ ᠠᠳᠠᠯᠢ ᠬᠤᠭᠤᠴᠠᠭᠠᠨ ᠤ ᠬᠢ ᠠᠴᠠ 36.99% ᠪᠠᠷ ᠨᠡᠮᠡᠭᠳᠡᠪᠡ᠃ ᠲᠦᠮᠡᠨ ᠬᠥᠮᠦᠨ ᠤ ᠳᠣᠲᠤᠷ᠎ᠠ 1. | 22 ᠵᠦᠢᠯ ᠤᠨ ᠲᠤᠰᠬᠠᠶ ᠠᠰᠢᠭ ᠡᠭᠦᠳᠦᠨ ᠪᠦᠲᠦᠭᠡᠵᠡᠢ ᠃ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠶᠡᠷᠦᠩᠬᠡᠢ ᠦᠷᠲᠡᠭ ᠨᠢ 2091.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 14.2% ᠢᠶᠠᠷ ᠨᠡᠮᠡᠭᠳᠡᠪᠡ᠃ | ᠳᠡᠭᠡᠪᠦᠷ ᠵᠢᠷᠤᠭ ᠲᠦᠯᠦᠪᠯᠡᠯᠭᠡ ᠶᠢ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠠᠴᠠ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠶ | ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢᠨ ᠲᠥᠯᠥᠪᠵᠢᠭᠦᠯᠭᠡ ︵2013 — 2020 ᠣᠨ︶︾ ᠢ ᠲᠣᠭᠲᠠᠭᠠᠵᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠠᠬᠢᠭᠤᠯᠬᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠬᠤ ᠳᠤ ᠳᠡᠭᠡᠪᠦᠷ ᠵᠢᠷᠤᠭ ᠲᠥᠯᠥᠪᠯᠡᠭᠡ | ᠬᠢᠭᠰᠡᠨ ᠪᠠ ᠭᠤᠣᠯᠳᠠᠯᠭ᠎ᠠ ᠲᠠᠢ ᠪᠠᠷ ᠪᠠᠶᠢᠷᠢᠯᠠᠭᠤᠯᠤᠭᠰᠠᠨ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠲᠥᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠨᠡᠶᠢᠲᠡᠯᠡᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠳᠤ ᠬᠠᠤᠯᠢ ᠴᠠᠭᠠᠵᠠ ᠶᠢᠨ ᠪᠠᠲᠤᠯᠠᠭ᠎ᠠ ᠣᠯᠭᠤᠭᠰᠠᠨ ᠪᠠᠶᠢᠨ᠎ᠠ᠃ | ᠠᠵᠤ ᠠᠬᠤᠶᠢᠯᠠᠯ ᠢ ᠢᠳᠡᠪᠬᠢᠲᠡᠶ ᠬᠥᠲᠥᠯᠥᠨ ᠵᠢᠯᠤᠭᠤᠳᠴᠦ ᠪᠠᠶᠢᠭᠠᠳ ᠰᠢᠨ᠎ᠡ ᠶᠢ ᠡᠭᠦᠳᠬᠦ ᠪᠡᠶᠡᠴᠢ | ᠴᠣᠭᠴᠠ ᠪᠣᠯᠭᠠᠪᠠ᠃ ᠣᠳᠣᠬᠠᠨ ᠳᠤ ᠠᠵᠤ ᠠᠬᠤᠶᠢᠯᠠᠯ ᠢᠶᠠᠷ ᠪᠡᠶᠡᠴᠢ ᠴᠣᠭᠴᠠ ᠪᠣᠯᠭᠠᠭᠰᠠᠨ᠂ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠦᠢᠯᠡᠳᠪᠦᠷᠢᠯᠡᠯ ᠵᠢᠭᠠᠬᠤ ᠰᠣᠳᠤᠯᠬᠤ ᠶᠢ ᠬᠠᠷᠢᠯᠴᠠᠨ | ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠪᠡ᠃ | ᠪᠦᠷᠢᠳᠬᠡᠯ ᠢ ᠦᠨᠳᠦᠰᠦᠯᠡᠪᠡᠯ᠂ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯᠡᠰ ᠤᠨ ᠳᠣᠲᠤᠷᠠᠬᠢ 87.6% ᠶᠢᠨ ᠵᠠᠷᠤᠳᠠᠯ ᠢ ᠠᠵᠤ ᠠᠬᠤᠶᠢᠯᠠᠯ | ᠳᠤ ᠵᠠᠷᠤᠴᠠᠭᠤᠯᠵᠤ᠂ ᠠᠵᠤ ᠠᠬᠤᠶᠢᠯᠠᠯ ᠢ ᠳᠠᠶᠢᠴᠢᠯᠠᠨ ᠰᠢᠨ᠎ᠡ ᠶᠢ ᠡᠭᠦᠳᠬᠦ ᠳᠤ 36 ᠳ᠋ᠦᠩᠰᠢᠭᠤᠷ ᠲᠥᠭᠦᠷᠢᠭ | ᠣᠷᠤᠭᠤᠯᠪᠠ᠃ ︽12 · 5︾ ᠶᠢᠨ ᠲᠦᠯᠦᠪᠵᠢᠭᠦᠯᠭᠡ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠨᠢᠭᠡ᠂ ᠬᠤᠶᠠᠳᠤᠭᠠᠷ ᠳᠡᠰ ᠤᠨ ᠱᠠᠩᠨᠠᠯ ᠣᠯᠤᠭᠰᠠᠨ | ᠵᠦᠢᠯᠡᠰ ᠤᠨ ᠳᠣᠲᠣᠷ᠎ᠠ᠂ 42.5% ᠶᠢᠨ ᠱᠠᠩᠨᠠᠯ ᠢ ᠨᠢ ᠠᠵᠤ ᠠᠬᠤᠶᠢᠯᠠᠯ ᠡᠵᠡᠯᠡᠪᠡ᠃ 2015 ᠣᠨ ᠳᠤ᠂ | ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠳᠡᠭᠡᠳᠦ ᠰᠢᠨ᠎ᠡ ᠮᠡᠷᠭᠡᠵᠢᠯ ᠤᠨ 85 ᠠᠵᠤ ᠠᠬᠤᠶᠢᠯᠠᠯ ᠢ | ᠰᠢᠨ᠎ᠡ ᠪᠠᠷ ᠨᠡᠮᠡᠭᠳᠡᠭᠦᠯᠵᠦ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 237 ᠪᠣᠯᠪᠠ᠃ | 2015 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠠᠵᠤ ᠠᠬᠤᠶᠢᠯᠠᠯ ᠢᠶᠠᠷ ᠪᠡᠶᠡᠴᠢ ᠴᠣᠭᠴᠠ ᠪᠣᠯᠭᠠᠭᠰᠠᠨ | ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠨᠡᠶᠢᠲᠡ 38 ᠪᠦᠲᠦᠭᠡᠨ ᠪᠠᠶᠢᠭᠤᠯᠵᠤ᠂ | ᠰᠢᠪᠲᠤᠯᠤᠯᠲᠠ ᠶᠢᠨ ᠴᠢᠭᠯᠡᠯ ᠨᠢ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠬᠢ᠂ | ᠥᠩᠭᠡᠲᠦ ᠲᠡᠮᠦᠷᠯᠢᠭ ᠤᠨ ᠦᠢᠯᠡᠳᠪᠦᠷᠢᠯᠠᠯ ᠪᠣᠯᠪᠠᠰᠤᠷᠠᠭᠤᠯᠤᠯᠲᠠ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ᠂ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ᠂ ᠬᠤᠪᠣᠷ | ᠰᠢᠷᠣᠶ᠂ ᠮᠣᠩᠭᠤᠯ ᠡᠮ ᠡᠮᠨᠡᠯᠭᠡ ᠵᠡᠷᠭᠡ ᠬᠦᠷᠢᠶᠡᠨ ᠳᠤ ᠬᠤᠯᠪᠤᠭᠳᠠᠵᠤ᠂ ᠪᠦᠬᠦ ᠣᠷᠣᠨ ᠤ 12 ᠠᠶᠢᠮᠠᠭ ᠬᠤᠲᠠ ᠶᠢ | ᠪᠦᠷᠬᠦᠪᠡ᠃ | ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠣᠷᠣᠭᠤᠯᠵᠤ ᠬᠦᠮᠦᠵᠢᠭᠦᠯᠪᠡ᠃ ᠴᠢᠳᠠᠪᠤᠷᠢᠲᠠᠨ | ᠪᠣᠯ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢᠨ ᠭᠤᠣᠯ ᠬᠦᠴᠦᠨ ᠵᠦᠢᠯ ᠮᠦᠨ᠂ ︽12·5︾ | ᠲᠦᠯᠦᠪᠵᠢᠭᠦᠯᠭᠡ ᠠᠴᠠ ᠨᠠᠰᠢ᠂ ᠥᠪᠡᠷᠲᠡᠭᠡᠨ ᠵᠠᠰᠠᠬᠤ ᠣᠷᠣᠨ ︽ᠴᠢᠳᠠᠪᠤᠷᠢᠲᠠᠨ ᠢᠶᠠᠷ ᠣᠷᠣᠨ ᠢᠶᠠᠨ | ᠬᠦᠴᠦᠷᠬᠡᠭᠵᠢᠭᠦᠯᠬᠦ ᠢᠨᠵᠧᠨᠧᠷᠢᠩ︾ ᠪᠠ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ ᠤ ᠢᠨᠵᠧᠨᠧᠷᠢᠩ︾ ᠢ | ᠨᠢᠭᠲᠠ ᠭᠦᠨᠵᠡᠭᠡᠶ ᠬᠡᠷᠡᠭᠵᠢᠭᠦᠯᠵᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠲᠦᠷᠦᠯ ᠵᠦᠢᠯ ᠪᠠ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ | ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ ᠪᠤᠶᠢᠵᠢᠭᠤᠯᠵᠤ᠂ ᠣᠷᠣᠭᠤᠯᠵᠤ | ᠠᠪᠴᠢᠷᠠᠭᠰᠠᠨ ᠪᠠ ᠬᠡᠷᠡᠭᠯᠡᠪᠡ᠃ 2015 ᠣᠨ ᠳᠤ᠂ ᠪᠦᠬᠦ ᠣᠷᠣᠨ ᠳᠤ ᠨᠡᠶᠢᠲᠡ 4 ᠬᠥᠮᠦᠨ ᠤᠯᠤᠰ ᠤᠨ | ᠴᠢᠳᠠᠪᠤᠷᠢᠲᠠᠨ ᠤ ᠲᠥᠯᠥᠪᠯᠡᠭᠡ ᠳᠤ ᠰᠤᠩᠭᠤᠭᠳᠠᠵᠤ᠂ 39 ᠬᠥᠮᠦᠨ᠂ 21 ᠠᠵᠤ ᠦᠢᠯᠡᠰ ᠤᠨ ᠰᠢᠨ᠎ᠡ ᠶᠢ | ᠡᠭᠦᠳᠦᠨ ᠠᠳᠠᠯ ᠦᠢᠯᠡᠰ ᠴᠤᠭᠴᠠᠯᠠᠬᠤ ᠪᠦᠯᠬᠦᠮ ᠳᠤ᠂ 18 ᠳᠡᠭᠡᠳᠦ ᠳᠡᠰ ᠤᠨ ᠰᠢᠨ᠎ᠡ ᠶᠢ ᠡᠭᠦᠳᠬᠦ ᠪᠠ ᠠᠳᠠᠯ | ᠦᠢᠯᠡᠰ ᠴᠤᠭᠴᠠᠯᠠᠬᠤ ᠰᠠᠭᠤᠷᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ︽ᠵᠠᠭᠤᠨ ᠬᠥᠮᠦᠨ ᠤ ᠲᠥᠯᠥᠪᠯᠡᠭᠡ︾ | ᠳᠤ ᠰᠤᠩᠭᠤᠭᠳᠠᠪᠠ᠃ 2015 ᠣᠨ ᠪᠣᠯᠲᠠᠯ᠎ᠠ᠂ ᠪᠦᠬᠦ ᠣᠷᠣᠨ ᠳᠤ ᠠᠺᠠᠳᠧᠮᠢᠴᠢ ᠲᠤᠰᠬᠠᠶ ᠮᠡᠷᠭᠡᠵᠢᠯᠲᠡᠨ ᠤ | ᠠᠵᠢᠯᠯᠠᠬᠤ ᠥᠷᠲᠡᠭᠡ 69 ᠶᠢ ᠪᠠᠶᠢᠭᠤᠯᠵᠤ᠂ 81 ᠨᠡᠷᠡᠰ ᠠᠺᠠᠳᠧᠮᠢᠴᠢ ᠶᠢ ᠬᠡᠯᠡᠯᠴᠡᠨ ᠣᠷᠣᠭᠤᠯᠤᠨ ᠠᠪᠴᠢᠷᠠᠵᠤ᠂ | ᠥᠷᠲᠡᠭᠡᠨ ᠳᠤ ᠤᠷᠤᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ 480 ᠭᠠᠷᠤᠢ ᠳᠤ | ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠪᠤᠭᠤᠮᠲᠠ ᠰᠢᠪᠲᠤᠯᠠᠬᠤ ᠲᠦᠷᠦᠯ ᠵᠦᠢᠯ140 | ᠭᠠᠷᠤᠢ ᠶᠢ ᠬᠠᠮᠲᠤᠷᠠᠨ ᠦᠷᠨᠢᠭᠦᠯᠵᠦ᠂ ᠲᠦᠷᠦᠯ ᠵᠦᠢᠯ ᠤᠨ ᠰᠤᠳᠤᠯᠭᠠᠨ ᠤ ᠵᠠᠷᠤᠳᠠᠯ ᠳᠤ 12.6 ᠳ᠋ᠦᠩᠰᠢᠭᠤᠷ | ᠰᠢᠬᠠᠮ ᠲᠥᠭᠦᠷᠢᠭ ᠤᠷᠤᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ 30 | ᠭᠠᠷᠤᠶ ᠵᠦᠢᠯ ᠭᠤᠶᠤᠴᠢᠯᠠᠨ ᠮᠡᠳᠡᠭᠦᠯᠵᠦ᠂ ᠦᠷᠳᠡᠭᠡ ᠪᠠᠶᠢᠭᠤᠯᠤᠭᠰᠠᠨ ᠨᠢᠭᠡᠴᠡ ᠶᠢᠨ ᠰᠢᠨ᠎ᠡ ᠦᠢᠯᠡᠳᠬᠦᠨ | ᠰᠤᠳᠤᠯᠤᠨ ᠨᠡᠭᠡᠭᠡᠬᠦ᠂ ᠰᠢᠨ᠎ᠡ ᠮᠡᠷᠭᠡᠵᠢᠯ ᠪᠠ ᠰᠢᠨ᠎ᠡ ᠤᠷ᠎ᠠ ᠮᠡᠷᠭᠡᠰᠢᠯ ᠢ ᠬᠡᠷᠡᠭᠯᠡᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠶᠢ ᠡᠭᠦᠳᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠬᠡᠪ ᠴᠢᠨᠠᠷ ᠢ ᠳᠡᠭᠡᠭᠰᠢᠯᠡᠭᠦᠯᠬᠦ ᠪᠠ ᠰᠢᠨ᠎ᠡ ᠶᠢ ᠡᠭᠦᠳᠬᠦ | ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠰᠢᠨᠡᠴᠢᠯᠡᠬᠦ ᠳᠤ ᠬᠦᠴᠦᠲᠡᠶ ᠲᠦᠰᠢᠭ ᠲᠤᠯᠭᠠᠭᠤᠷᠢ ᠤᠯᠭᠤᠵᠠᠢ᠃ | ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ | ᠡᠭᠦᠳᠬᠦ ᠶᠢ ᠰᠢᠨ᠎ᠡ ᠶᠢ ᠡᠭᠦᠳᠦᠨ ᠬᠦᠭᠵᠢᠭᠦᠯᠬᠦ ᠶᠢ ᠲᠦᠯᠬᠢᠨ ᠠᠬᠢᠭᠤᠯᠬᠤ ᠶᠢᠨ ᠴᠢᠬᠤᠯᠠ ᠭᠠᠷᠳᠠᠴᠠ ᠪᠤᠯᠭᠠᠪᠠ᠃ | 2015 ᠣᠨ ᠳᠤ᠂ ᠥᠪᠡᠷᠲᠡᠭᠡᠨ ᠵᠠᠰᠠᠬᠤ ᠣᠷᠣᠨ ︽ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢ | ᠲᠦᠷᠭᠡᠳᠬᠡᠨ ᠬᠦᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠪᠦᠯᠦᠭ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢᠨ 31 ᠲᠤᠷᠰᠢᠯᠲᠠ ᠶᠢᠨ ᠴᠢᠭ᠋᠂ | ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠤᠷᠤᠨ ᠵᠠᠢ ᠶᠢᠨ 10 ᠲᠤᠷᠰᠢᠯᠲᠠ ᠶᠢᠨ ᠴᠢᠭ᠋ ︵ᠪᠤᠶᠢᠵᠢᠭᠤᠯᠬᠤ︶ ᠢ | ᠮᠠᠭᠠᠳᠯᠠᠨ ᠲᠤᠭᠲᠠᠭᠠᠵᠤ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠢᠯᠡᠰ ᠤᠨ | ᠨᠡᠭᠡᠭᠡᠯᠲᠡ ᠶᠢᠨ ᠤᠷᠤᠨ ᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠥᠬᠦᠳᠡ ᠣᠯᠠᠨ ᠢᠶᠠᠷ ᠢᠶᠠᠨ ᠰᠢᠨ᠎ᠡ ᠶᠢ | ᠡᠭᠦᠳᠬᠦ ᠣᠷᠣᠨ ᠵᠠᠶ ᠶᠢ ᠬᠦᠭᠵᠢᠭᠦᠯᠵᠦ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠠᠳᠠᠯ ᠦᠢᠯᠡᠰ | ᠴᠤᠭᠴᠠᠯᠠᠬᠤ ᠶᠢ ᠲᠦᠯᠬᠢᠨ ᠠᠬᠢᠭᠤᠯᠬᠤ ᠵᠢᠱᠢᠶ᠎ᠡ ᠦᠵᠡᠭᠦᠯᠬᠦ ᠤᠷᠤᠨ ᠢᠶᠠᠷ ᠮᠠᠭᠠᠳᠯᠠᠨ ᠲᠤᠭᠲᠠᠭᠠᠪᠠ᠃ ᠡᠨᠡ ᠬᠦ | ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢ ᠣᠯᠠᠨ ᠢᠶᠠᠷ ᠢᠶᠠᠨ ᠰᠢᠨ᠎ᠡ ᠶᠢ | ᠡᠭᠦᠳᠬᠦ ᠣᠷᠣᠨ ᠵᠠᠢ ᠶᠢᠨ ᠬᠤᠯᠪᠣᠭ᠎ᠠ ᠪᠠᠶᠢᠭᠤᠯᠵᠤ᠂ ᠲᠦᠷᠦ ᠶᠢᠨ ᠪᠤᠳᠤᠯᠭ᠎ᠠ᠂ ᠲᠦᠷᠦᠯ ᠵᠦᠢᠯ ᠤᠨ ᠳᠡᠮᠵᠢᠯᠭᠡ ᠪᠠᠷ | ᠳᠠᠮᠵᠢᠭᠤᠯᠤᠨ᠂ ᠲᠠᠷᠠᠬᠠᠶ ᠪᠤᠲᠠᠷᠬᠠᠶ᠂ ᠭᠠᠭᠴᠠᠭᠠᠷ ᠢᠶᠠᠨ ᠬᠢᠵᠦ ᠪᠠᠶᠢᠭ᠎ᠠ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ | ᠣᠷᠣᠨ ᠵᠠᠶ ᠶᠢ ᠡᠮᠬᠢᠯᠡᠨ ᠨᠡᠶᠢᠯᠡᠭᠦᠯᠵᠦ᠂ ᠤᠯᠠᠨ ᠢᠶᠠᠷ ᠢᠶᠠᠨ ᠳᠠᠭᠠᠭᠠᠴᠢᠯᠠᠬᠤ᠂ ᠤᠯᠠᠨ ᠢᠶᠠᠷ ᠢᠶᠠᠨ ᠴᠤᠭᠯᠠᠭᠤᠯᠬᠤ᠂ | ᠣᠯᠠᠨ ᠢᠶᠠᠷ ᠢᠶᠠᠨ ᠰᠢᠨ᠎ᠡ ᠶᠢ ᠡᠭᠦᠳᠬᠦ ᠬᠡᠪ ᠵᠠᠭᠪᠤᠷ ᠢ ᠠᠪᠴᠤ᠂ ᠤᠯᠠᠨ ᠢᠶᠠᠷ ᠢᠶᠠᠨ ᠴᠤᠭᠯᠠᠷᠠᠨ ᠳᠤᠯᠠᠭᠠᠯᠠᠯᠭ᠎ᠠ | ᠠᠪᠬᠤ᠂ ᠤᠯᠠᠨ ᠲᠠᠯ᠎ᠠ ᠪᠠᠷ ᠢᠶᠠᠨ ᠠᠰᠢᠭ ᠬᠦᠷᠲᠡᠬᠦ ᠪᠦᠯᠦᠭᠯᠡᠯ ᠤᠨ ᠦᠢᠯᠡᠳᠦᠯ ᠢ ᠪᠡᠶᠡᠯᠡᠭᠦᠯᠵᠦ᠂ ᠪᠦᠬᠦ | ᠨᠡᠶᠢᠭᠡᠮ ᠤᠨ ᠰᠢᠨ᠎ᠡ ᠶᠢ ᠡᠭᠦᠳᠬᠦ᠂ ᠠᠳᠠᠯ ᠦᠢᠯᠡᠰ ᠴᠣᠭᠴᠠᠯᠠᠬᠤ ᠬᠠᠯᠠᠭᠤᠨ ᠵᠣᠷᠢᠭ ᠢ ᠪᠦᠲᠦᠮᠵᠢᠲᠡᠶ ᠪᠠᠷ | ᠬᠦᠭᠵᠢᠭᠡᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ | ᠪᠣᠯᠤᠨ ᠲᠡᠰ ᠳᠡᠪᠰᠢᠭᠦᠯᠬᠦ ᠶᠢ ᠲᠦᠷᠭᠡᠳᠬᠡᠪᠠ᠃ 2015 ᠣᠨ ᠪᠣᠯᠲᠠᠯ᠎ᠠ᠂ ᠮᠠᠨ ᠤ ᠣᠷᠣᠨ ᠨᠡᠶᠢᠳᠡ ᠤᠯᠤᠰ ᠤᠨ | ᠲᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠡᠰᠤᠬ 2᠂ ᠮᠤᠵᠢ ᠶᠠᠮᠤᠨ ᠤ ᠬᠠᠮᠲᠤ ᠪᠠᠷ ᠪᠠᠶᠢᠭᠤᠯᠤᠭᠰᠠᠨ | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠤᠶᠢᠵᠢᠭᠤᠯᠬᠤ ᠰᠠᠭᠤᠷᠢᠨ ᠭᠠᠵᠠᠷ 3᠂ ᠥᠪᠡᠷᠲᠡᠭᠡᠨ | ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 91᠂ ᠤᠯᠤᠰ ᠤᠨ ᠳᠡᠰ ᠤᠨ | ᠨᠡᠪᠴᠢᠯᠡᠭᠦᠯᠦᠷ 8᠂ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠳᠤ ᠡᠯ᠎ᠡ ᠲᠦᠷᠦᠯ ᠤᠨ ᠤᠯᠤᠰ ᠤᠨ ᠲᠡᠰ ᠤᠨ | ᠰᠠᠭᠤᠷᠢᠨ ᠭᠠᠵᠠᠷ 8᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ 2᠂ ᠥᠪᠡᠷᠲᠡᠭᠡᠨ | ᠵᠠᠰᠠᠬᠤ ᠣᠷᠣᠨ ᠤ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ 8 ᠲᠠᠢ ᠪᠤᠯᠵᠠᠢ᠃ 2015 ᠣᠨ ᠳᠤ᠂ | ︽ᠪᠠᠶᠠᠨ ᠤᠪᠤᠭ᠎ᠠ ᠬᠤᠪᠣᠷ ᠰᠢᠷᠣᠶ ᠶᠢᠨ ᠡᠬᠢ ᠪᠠᠶᠠᠯᠢᠭ ᠤᠨ ᠰᠤᠳᠤᠯᠭᠠᠨ ᠪᠠ ᠶᠡᠷᠦᠩᠬᠡᠶᠢᠯᠡᠨ ᠠᠰᠢᠭᠯᠠᠬᠤ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠪᠤᠯᠤᠨ ︽ᠣᠨᠴᠠ ᠲᠥᠷᠥᠯ ᠤᠨ ᠲᠡᠷᠭᠡ ᠵᠢᠴᠢ ᠲᠡᠭᠦᠨ ᠤ | ᠳᠠᠮᠵᠢᠭᠤᠯᠭ᠎ᠠ ᠶᠢᠨ ᠰᠢᠰᠲ᠋ᠧᠮ ᠤᠨ ᠤᠶᠤᠨᠴᠢ ᠦᠢᠯᠡᠳᠬᠦ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠨᠢ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠳᠤ ︽ᠠᠵᠤ ᠠᠬᠤᠶᠢᠯᠠᠯ ᠤᠨ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠡᠰᠤᠬ︾ ᠭᠡᠮᠡᠨ ᠦᠨᠡᠯᠡᠭᠳᠡᠵᠦ᠂ ᠡᠨᠡ ᠨᠢ ᠮᠠᠨ ᠤ ᠣᠷᠣᠨ ᠤ ᠡᠨᠡ ᠬᠤᠶᠠᠷ | ᠰᠤᠳᠤᠯᠭᠠᠨ ᠤ ᠬᠦᠷᠢᠶᠡᠨ ᠤ ᠰᠢᠨ᠎ᠡ ᠶᠢ ᠡᠭᠦᠳᠬᠦ ᠬᠢᠷᠢ ᠬᠡᠮᠵᠢᠶ᠎ᠡ ᠤᠯᠤᠰ ᠣᠷᠣᠨ ᠤ ᠡᠩᠨᠡᠭᠡ ᠳᠤ ᠲᠠᠪᠰᠢᠨ ᠤᠷᠤᠵᠤ᠂ | ᠮᠥᠨ ᠴᠦ ᠡᠭᠦᠨ ᠠᠴᠠ ᠡᠬᠢᠯᠡᠭᠡᠳ ᠥᠪᠥᠷ ᠮᠣᠩᠭᠤᠯ ᠳᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠪᠠᠶᠢᠬᠤ ᠦᠭᠡᠢ ᠪᠠᠶᠢᠭᠰᠠᠨ ᠲᠡᠤᠬᠡ ᠶᠢ ᠡᠴᠦᠰᠯᠡᠭᠦᠯᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠢᠨᠵᠧᠨᠧᠷᠢᠩ ᠢ ᠶᠡᠬᠡᠪᠡᠷ | ᠬᠡᠷᠡᠭᠵᠢᠭᠦᠯᠪᠡ᠃ ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ᠂ ᠲᠤᠰᠬᠠᠶ | ᠠᠰᠢᠭ ᠢ ᠤᠯᠠᠷᠢᠭᠤᠯᠬᠤ ᠶᠢ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠭᠡ ᠶᠢᠨ ᠭᠤᠣᠯᠳᠠᠯᠭ᠎ᠠ ᠲᠠᠢ ᠳᠡᠮᠵᠢᠬᠦ | ᠴᠢᠭᠯᠡᠯ ᠢᠶᠠᠷ ᠲᠣᠭᠲᠠᠭᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠪᠠ᠃ ᠵᠥᠪᠬᠡᠨ 2015 ᠣᠨ ᠳᠤ᠂ ᠪᠥᠬᠦ ᠣᠷᠣᠨ ᠤ ᠡᠯ᠎ᠡ ᠠᠶᠢᠮᠠᠭ ᠬᠤᠳᠠ ᠨᠡᠶᠢᠲᠡ160 ᠵᠦᠢᠯ | ᠭᠤᠣᠯᠳᠠᠯᠭ᠎ᠠ ᠲᠠᠢ ᠦᠷ᠎ᠡ ᠪᠦᠲᠦᠭᠡᠯ ᠢ ᠤᠯᠠᠷᠢᠭᠤᠯᠵᠤ᠂ ᠨᠢᠭᠡ ᠪᠦᠯᠦᠭ ᠰᠢᠨ᠎ᠡ ᠲᠦᠷᠦᠯ᠂ ᠰᠢᠨ᠎ᠡ ᠮᠡᠷᠭᠡᠵᠢᠯ ᠢ | ᠣᠷᠣᠭᠤᠯᠤᠨ ᠠᠪᠴᠢᠷᠠᠭᠰᠠᠨ ᠪᠠ ᠳᠡᠯᠭᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠠᠵᠤ ᠠᠬᠤᠢ | ᠪᠦᠲᠦᠮᠵᠢᠲᠡᠶ ᠠᠭᠤᠰᠤᠯᠴᠠᠬᠤ ᠶᠢ ᠠᠬᠢᠭᠤᠯᠤᠭᠰᠠᠨ ᠪᠠᠶᠢᠨ᠎ᠠ᠃ |