ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/5/30
     5 ᠳ᠋ᠤᠭᠠᠷ ᠰᠠᠷ᠎ᠠ ᠶᠢᠨ 24᠎ ᠤ ᠡᠳᠦᠷ᠂ ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠠᠶ ᠯᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠸᠠᠩ ᠭᠧᠨ ᠰᠢᠶᠣᠣ ᠬᠤᠷᠠᠯ ᠳᠤ ᠣᠷᠣᠯᠴᠠᠪᠠ᠃ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠤᠷᠤᠨ ᠰᠠᠭᠤᠴᠠ ᠪᠤᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠵᠦᠪᠯᠡᠯ︶᠂ ᠲᠥᠯᠥᠪᠵᠢᠭᠦᠯᠭᠡ ᠶᠢᠨ ᠲᠣᠪᠴᠢᠶ᠎ᠠ᠂ ᠭᠡᠷ ᠬᠦᠷᠦᠩᠭᠡ ᠶᠢᠨ ᠬᠠᠮᠢᠶᠠᠷᠤᠯᠲᠠ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶᠠᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠵᠢᠴᠢ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠬᠢᠨᠠᠨ ᠪᠠᠶᠢᠴᠠᠭᠠᠬᠤ ᠭᠡᠷ ᠤᠨ ᠪᠦᠬᠦ ᠠᠵᠢᠯᠲᠠᠨ ᠨᠡᠶᠢᠲᠡ 30 ᠭᠠᠷᠤᠶ ᠬᠥᠮᠦᠨ ᠬᠤᠷᠠᠯ ᠳᠤ ᠣᠷᠣᠯᠴᠠᠵᠠᠶ᠃      ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠢ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠢᠶᠠᠷ ᠭᠤᠣᠯᠯᠠᠭᠤᠯᠤᠨ ᠴᠢᠬᠤᠯᠠ ᠶᠠᠷᠢᠶ᠎ᠠ ᠲᠠᠯᠪᠢᠵᠤ᠂ 2015 ᠤᠨ ᠤ ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠭᠦᠨᠵᠡᠭᠡᠶ ᠵᠠᠳᠠᠯᠪᠠ᠃ ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠲᠠᠢ ᠤᠶᠠᠯᠳᠤᠭᠤᠯᠤᠨ᠂ 2016 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠡᠯ᠎ᠡ ᠵᠦᠢᠯ ᠤᠨ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠠᠭᠰᠢᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠵᠡᠷᠭᠡ ᠡᠯ᠎ᠡ ᠲᠠᠯ᠎ᠠ ᠶᠢᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号