ᠮᠠᠨ ᠤ ᠣᠷᠣᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2016/5/30
     5 ᠳ᠋ᠤᠭᠠᠷ ᠰᠠᠷ᠎ᠠ ᠶᠢᠨ 23᠎ ᠤ ᠡᠳᠦᠷ᠂ ᠥᠪᠥᠷ ᠮᠣᠩᠭᠤᠯ ᠤᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠣᠷᠳᠣᠰ ᠬᠤᠲᠠ ᠳᠤ ᠪᠠᠷᠠᠭᠤᠨ ᠬᠡᠰᠡᠭ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠸᠠᠩ ᠵᠢᠶᠧ᠂ ᠤᠷᠳᠤᠰ ᠬᠤᠳᠠ ᠶᠢᠨ ᠳᠡᠳ᠋ ᠳᠠᠷᠤᠭ᠎ᠠ ᠴᠢ᠊· ᠪᠢᠰᠢᠷᠡᠯᠲᠦ ᠬᠤᠷᠠᠯ ᠳᠤ ᠣᠷᠣᠯᠴᠠᠪᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠭᠠᠵᠠᠷ ᠠᠯᠪᠠᠨ ᠭᠡᠷ ︵ᠲᠣᠪᠴᠢᠶ᠎ᠠ︶᠂ ᠪᠠᠷᠠᠭᠤᠨ ᠬᠡᠰᠡᠭ ᠤᠷᠤᠨ ᠤ ᠡᠯ᠎ᠡ ᠪᠠᠶᠢᠭᠤᠯᠭ᠎ᠠ ᠳᠤ ᠲᠣᠮᠢᠯᠠᠭᠰᠠᠨ  ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠲᠤᠰᠬᠠᠶ ᠲᠤᠰᠢᠶᠠᠯᠲᠠᠨ ᠵᠢᠴᠢ ᠠᠶᠢᠮᠠᠭ ᠬᠤᠳᠠ ᠶᠢᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠨᠡᠶᠢᠲᠡ 50 ᠭᠠᠷᠤᠶ ᠬᠥᠮᠦᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ ᠡᠯ᠎ᠡ ᠠᠶᠢᠮᠠᠭ ᠬᠤᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠨᠢᠭᠡᠳᠦᠭᠡᠷ ᠱᠠᠲᠤᠨ ᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠬᠠᠮᠲᠤ᠂ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠶᠠᠷᠢᠯᠴᠠᠪᠠ᠃      ᠬᠤᠶᠠᠳᠤᠭᠠᠷ ᠱᠠᠲᠤᠨ ᠤ ᠠᠵᠢᠯ ᠳᠤ ᠴᠢᠭᠯᠡᠭᠦᠯᠦᠨ᠂ ᠲᠢᠩᠬᠢᠮ ᠤᠨ ᠳᠡᠳ᠋ ᠳᠠᠷᠤᠭ᠎ᠠ ᠸᠠᠩ ᠵᠢᠶᠧ ᠪᠠᠶᠢᠷᠢᠯᠠᠭᠤᠯᠤᠯᠲᠠ ᠬᠢᠪᠡ᠂ ᠲᠡᠷᠡ ᠬᠡᠯᠡᠬᠦ ᠳᠡᠭᠡᠨ ᠨᠢᠭᠡ ᠳᠤ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠦᠨ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠡᠨᠡ ᠤᠳᠠᠭ᠎ᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠦᠷᠨᠢᠬᠦᠯᠬᠦ ᠬᠡᠷᠡᠭᠲᠠᠢ︔ ᠬᠤᠶᠠᠷ ᠲᠤ ᠬᠡᠪᠴᠢᠶ᠎ᠡ ᠶᠢ ᠲᠤᠲᠤᠷᠬᠠᠶᠢᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠸᠤᠯᠬᠢ ᠶᠢᠨ ᠴᠡᠴᠡᠷᠯᠢᠭ᠂ ᠭᠠᠵᠠᠷ ᠰᠢᠨᠵᠢᠯᠡᠭᠡᠨ ᠤ ᠦᠯᠡᠳᠡᠭᠳᠡᠯ ᠤᠨ ᠬᠠᠮᠠᠭᠠᠯᠠᠯᠲᠠ ᠶᠢᠨ ᠣᠷᠣᠨ ᠪᠠ ᠤᠰᠤᠨ ᠰᠤᠷᠪᠤᠯᠵᠢ ᠶᠢᠨ ᠭᠠᠵᠠᠷ ᠤᠨ ᠠᠭᠤᠷᠬᠠᠶ ᠬᠠᠶᠢᠬᠤ ᠡᠷᠬᠡ ᠪᠤᠯᠤᠨ ᠠᠭᠤᠷᠬᠠᠶ ᠮᠠᠯᠲᠠᠬᠤ ᠡᠷᠬᠡ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠬᠡᠷᠡᠭᠲᠠᠢ︔ ᠭᠤᠷᠪᠠ ᠳᠤ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠭᠡᠵᠤ᠂ ᠠᠭᠤᠷᠬᠠᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢᠨ ᠡᠷᠴᠢᠮ ᠪᠤᠯᠤᠨ ᠲᠤᠰᠢᠶᠠᠨ ᠬᠠᠳᠠᠭᠠᠯᠠᠭᠤᠯᠬᠤ ᠡᠷᠴᠢᠮ ᠢᠶᠠᠨ ᠴᠢᠩᠭᠠᠯᠠᠬᠤ ᠬᠡᠷᠡᠭᠲᠡᠶ︔ ᠳᠥᠷᠪᠡ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠭᠤᠣᠯᠳᠠᠯᠭ᠎ᠠ ᠶᠢ ᠲᠤᠪᠤᠶᠢᠯᠭᠠᠨ᠂ ᠡᠯ᠎ᠡ ᠲᠥᠷᠥᠯ ᠤᠨ ᠠᠭᠤᠷᠬᠠᠶ ᠶᠢᠨ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠬᠦ ᠠᠴᠠ ᠪᠤᠯᠤᠭᠰᠠᠨ ᠠᠮᠢ ᠠᠬᠤᠶ ᠶᠢᠨ ᠣᠷᠴᠢᠨ ᠲᠤᠭᠤᠷᠢᠨ ᠤ ᠠᠰᠠᠭᠤᠳᠠᠯ ᠢ ᠳᠦᠷᠦᠯ ᠬᠤᠪᠢᠶᠠᠨ ᠵᠠᠰᠠᠬᠤ ᠬᠡᠷᠡᠭᠲᠠᠢ ᠬᠡᠪᠡ᠃ ᠲᠡᠷᠡ ᠡᠯ᠎ᠡ ᠰᠠᠯᠠᠭ᠎ᠠ ᠮᠥᠴᠢᠷ ᠤᠳ ᠲᠤ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠤᠢ ᠪᠣᠯᠭᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠦᠨᠡᠨᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号