5 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠠᠷᠪᠠᠨ ᠬᠤᠶᠠᠳᠤᠭᠠᠷ ᠬᠤᠭᠤᠴᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠷᠢᠨ ᠬᠤᠶᠠᠳᠤᠭᠠᠷ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠵᠤ᠂ ︽ | ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠬᠠᠤᠯᠢ︾ | ᠪᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢᠨ | ᠲᠦᠷᠢᠮ︾ ᠤᠨ ᠬᠠᠤᠯᠢ ᠬᠡᠷᠡᠭᠵᠢᠭᠦᠯᠦᠯᠳᠡ ᠶᠢ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠳᠡ ᠵᠡᠷᠭᠡ ᠶᠢ | ᠰᠤᠨᠤᠰᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠤ ᠨᠡᠶᠢᠳᠡᠯᠭ᠎ᠠ ᠪᠠᠷ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ | ᠡᠷᠬᠢᠯᠡᠭᠴᠢ ᠬᠤᠷᠴᠠ ᠬᠤᠷᠠᠯ ᠡᠷᠬᠢᠯᠡᠵᠤ᠂ ᠲᠡᠳ᠋ ᠡᠷᠬᠢᠯᠡᠭᠴᠢ ᠳ᠋ᠦ᠋ ᠽᠢ᠂ ᠡᠤ ᠲᠤᠸᠠᠨ ᠶᠢᠩ᠂ ᠯᠢ ᠷᠦᠩ ᠰᠢ᠂ | ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠪᠠ ᠪᠠᠶᠢᠩᠭᠤ ᠶᠢᠨ ᠬᠤᠷᠢᠶ᠎ᠠ ᠶᠢᠨ ᠬᠡᠰᠢᠭᠦᠳ | ᠬᠤᠷᠠᠯ ᠳᠤ ᠤᠷᠤᠯᠴᠠᠪᠠ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠧᠩ᠂ ᠦᠪᠡᠷᠳᠡᠬᠡᠨ ᠵᠠᠰᠠᠬᠤ ᠤᠷᠤᠨ | ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ ᠹᠧᠩ ᠬᠤᠷᠠᠯ ᠳᠤ ᠰᠤᠯᠠ | ᠤᠷᠤᠯᠴᠠᠵᠠᠢ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠨᠯᠭᠴᠢ ᠯᠢ ᠷᠦᠩ ᠰᠢ ᠶᠢᠨ ᠬᠢᠭᠰᠡᠨ ︽ᠪᠦᠬᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠬᠠᠤᠯᠢ︾ ᠪᠠ ︽ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠲᠦᠷᠢᠮ︾ ᠤᠨ ᠬᠠᠤᠯᠢ | ᠬᠡᠷᠡᠭᠵᠢᠭᠦᠯᠦᠯᠳᠡ ᠶᠢ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠡ᠃ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2016 ᠣᠨ ᠤ | ᠠᠵᠢᠯ ᠤᠨ ᠲᠤᠬᠢᠷᠠᠭᠤᠯᠤᠯᠳᠠ ᠶᠢ ᠦᠨᠳᠦᠰᠦᠯᠡᠵᠦ᠂ ᠪᠠᠶᠢᠩᠭᠤ ᠶᠢᠨ ᠬᠤᠷᠢᠶ᠎ᠠ ᠬᠠᠤᠯᠢ ᠬᠡᠷᠡᠭᠵᠢᠭᠦᠯᠦᠯᠳᠡ ᠶᠢ | ᠪᠠᠶᠢᠴᠠᠭᠠᠬᠤ ᠲᠤᠭᠤᠢᠢᠯᠠᠩ ᠵᠤᠬᠢᠶᠠᠨ ᠪᠠᠶᠢᠭᠤᠯᠣᠨ 4 ᠳ᠋ᠣᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ ᠮᠠᠨ ᠤ | ᠣᠷᠣᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ | ᠬᠠᠤᠯᠢ︾ ᠪᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠳᠠ ᠬᠦᠳᠡᠭᠡ ᠶᠢᠨ | ᠲᠦᠯᠦᠪᠵᠢᠭᠦᠯᠭᠡ ᠶᠢᠨ ᠲᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠳᠣᠬᠠᠢ ᠬᠠᠤᠯᠢ | ᠬᠡᠷᠡᠭᠵᠢᠭᠦᠯᠦᠯᠳᠡ ᠶᠢ ᠪᠠᠶᠢᠴᠠᠭᠠᠪᠠ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ | ᠡᠷᠬᠢᠯᠡᠭᠴᠢ ᠪᠤᠤ ᠮᠠᠨᠳᠠ ᠶᠢᠨ ᠬᠢᠭᠰᠡᠨ ᠦᠪᠡᠷᠳᠡᠭᠡᠨ ᠵᠠᠰᠠᠬᠤ ᠤᠷᠤᠨ ᠤ ᠭᠤᠤᠯ ᠴᠤᠬᠴᠠ ᠶᠢᠨ ᠴᠢᠳᠠᠮᠵᠢᠳᠣ ᠤᠷᠤᠨ | ᠤ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠂ | ᠮᠡᠳᠡᠭᠦᠯᠦᠯᠳᠡ ᠳᠤ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠭᠦ ᠤᠷᠤᠨ ᠤ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ | ᠠᠬᠢᠭᠤᠯᠣᠭᠰᠠᠨ ᠵᠡᠷᠭᠡ 4 ᠲᠠᠯ᠎ᠠ ᠪᠠᠷ ᠮᠠᠨ ᠤ ᠤᠷᠤᠨ ᠤ ᠭᠤᠤᠯ ᠴᠤᠬᠴᠠ ᠶᠢᠨ ᠴᠢᠳᠠᠮᠵᠢᠳᠦ ᠤᠷᠤᠨ ᠤ | ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠰᠢᠰᠲ᠋ᠧᠮ ᠲᠠᠢ ᠳ᠋ᠦᠩᠨᠡᠵᠡᠢ᠃ | ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠲᠠᠷᠤᠭ᠎ᠠ ᠾᠸᠤ | ᠶᠤᠸᠠᠨ ᠤ ᠬᠢᠭᠰᠡᠨ 2015 ᠣᠨ ᠤ ᠪᠦᠬᠦ ᠤᠷᠤᠨ ᠤ ᠰᠤᠷᠭᠠᠨ ᠬᠦᠮᠦᠵᠢᠯ ᠤᠨ ᠠᠵᠢᠯ ᠤᠨ ᠪᠠᠶᠢᠳᠠᠯ ᠤᠨ ᠲᠤᠬᠠᠢ | ᠮᠡᠳᠡᠭᠦᠯᠦᠯᠳᠡ ᠶᠢ ᠰᠤᠨᠤᠰᠪᠠ᠂ ᠮᠡᠳᠡᠭᠦᠯᠦᠯᠳᠡ ᠳᠤ 2015 ᠣᠨ ᠤ ᠪᠦᠬᠦ ᠤᠷᠤᠨ ᠤ ᠰᠤᠷᠭᠠᠨ ᠬᠦᠮᠦᠵᠢᠯ ᠤᠨ | ᠦᠢᠯᠡᠰ ᠤᠨ ᠬᠦᠭᠵᠢᠯᠳᠡ ᠶᠢᠨ ᠦᠷ᠎ᠡ ᠪᠦᠳᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠤᠳᠤᠬᠠᠨ ᠤ ᠰᠤᠷᠭᠠᠨ | ᠬᠦᠮᠦᠵᠢᠯ ᠤᠨ ᠦᠢᠯᠡᠰ ᠤᠨ ᠬᠦᠭᠵᠢᠯᠳᠡ ᠶᠢᠨ ᠪᠠᠶᠢᠳᠠᠯ ᠬᠢᠭᠡᠳ ᠲᠤᠯᠭᠠᠷᠠᠵᠤ ᠪᠠᠶᠢᠭ᠎ᠠ ᠠᠰᠠᠭᠤᠳᠠᠯ ᠢ ᠵᠢᠭᠠᠨ | ᠭᠠᠷᠭᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠪᠠᠨ ᠲᠤᠷᠠᠳᠴᠠᠢ᠃ | ᠬᠤᠷᠠᠯ ᠠᠴᠠ ᠦᠪᠡᠷᠳᠡᠭᠡᠨ ᠵᠠᠰᠬᠠᠤ ᠤᠷᠤᠨ ᠤ ᠤᠢ ᠰᠢᠭᠤᠢ ᠶᠢᠨ ᠲᠢᠩᠬᠢᠮ ᠤᠨ ᠲᠠᠷᠤᠭ᠎ᠠ ᠬᠦᠴᠦᠨ ᠤ | ᠬᠢᠭᠰᠡᠨ 2015 ᠣᠨ ᠤ ᠪᠦᠬᠦ ᠤᠷᠤᠨ ᠤ ᠤᠢ ᠰᠢᠭᠤᠢ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠶᠢ | ᠰᠤᠨᠤᠰᠪᠠ᠂ ᠮᠡᠳᠡᠭᠦᠯᠦᠯᠳᠡ ᠳᠤ ᠤᠢᠢᠵᠢᠭᠤᠯᠤᠨ ᠨᠤᠭᠤᠭᠠᠷᠠᠭᠤᠯᠬᠤ ᠠᠯᠬᠤᠴᠠ ᠪᠠᠨ ᠲᠦᠷᠭᠡᠳᠭᠡᠭᠰᠡᠨ᠂ ᠬᠦᠬᠡ | ᠠᠭᠤᠯᠠ ᠬᠦᠬᠡᠮᠳᠦᠭ ᠣᠰᠣ ᠪᠠᠨ ᠪᠠᠳᠤ ᠰᠠᠬᠢᠨ ᠬᠠᠮᠠᠭᠠᠯᠠᠭᠰᠠᠨ ᠵᠡᠷᠭᠡ 7 ᠲᠠᠯ᠎ᠠ ᠪᠠᠷ 2015 ᠣᠨ ᠤ | ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ ᠤᠨ ᠦᠷᠨᠢᠭᠦᠯᠦᠭᠰᠡᠨ ᠭᠤᠤᠯᠳᠠᠯᠭ᠎ᠠ ᠲᠠᠢ ᠠᠵᠢᠯ ᠢᠶᠠᠨ | ᠳ᠋ᠦᠩᠨᠡᠪᠡ᠃ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ | ᠬᠤᠷᠢᠶ᠎ᠠ ᠶᠢᠨ ᠲᠠᠷᠤᠭ᠎ᠠ ᠬᠤ᠋ ᠢ ᠹᠧᠩ ᠤᠨ ᠬᠢᠭᠰᠡᠨ ᠪᠦᠬᠦ ᠤᠷᠤᠨ ᠤ ᠰᠢᠭᠦᠭᠦ ᠬᠤᠷᠢᠶ᠎ᠠ ᠶᠢᠨ ᠬᠠᠤᠯᠢ ᠭᠡᠷᠡᠭᠵᠢᠬᠦᠯᠬᠦ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠤᠨ ᠠᠬᠢᠴᠠ ᠶᠢᠨ ᠪᠠᠶᠢᠳᠠᠯ ᠤᠨ | ᠲᠤᠬᠠᠢ ᠮᠡᠳᠡᠭᠦᠯᠦᠯᠳᠡ ᠶᠢ ᠰᠤᠨᠤᠰᠪᠠ᠃ 2014 ᠣᠨ ᠠᠴᠠ 2015 ᠣᠨ ᠪᠤᠯᠳᠠᠯ᠎ᠠ᠂ ᠦᠪᠡᠷᠳᠡᠭᠡᠨ ᠵᠠᠰᠬᠠᠤ | ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠰᠢᠭᠦᠨ ᠲᠠᠰᠤᠯᠬᠤ ᠵᠦᠪᠯᠡᠯ ᠤᠨ ᠲᠦᠷᠢᠮ ᠤᠨ | ᠦᠭᠡᠷᠡᠴᠢᠯᠡᠯᠳᠡ᠂ ᠬᠡᠷᠡᠭ ᠪᠤᠯᠭᠠᠨ ᠲᠠᠩᠰᠠᠯᠠᠬᠤ ᠲᠦᠷᠢᠮ᠂ ᠰᠢᠭᠦᠨ ᠲᠠᠰᠤᠯᠤᠯᠳᠠ ᠶᠢ ᠢᠯᠡ ᠪᠣᠯᠭᠠᠬᠤ᠂ ᠠᠷᠠᠳ | ᠤᠨ ᠬᠠᠪᠰᠤᠷᠤᠨ ᠰᠢᠭᠦᠭᠴᠢ ᠶᠢᠨ ᠲᠦᠷᠢᠮ ᠤᠨ ᠦᠭᠡᠷᠡᠴᠢᠯᠡᠯᠳᠡ ᠵᠡᠷᠭᠡ ᠤᠯᠠᠨ ᠲᠦᠷᠦᠯ ᠤᠨ ᠦᠭᠡᠷᠡᠴᠢᠯᠡᠯᠳᠡ ᠶᠢᠨ | ᠡᠭᠦᠷᠭᠡ ᠶᠢ ᠭᠤᠤᠯᠳᠠᠯᠭ᠎ᠠ ᠲᠠᠢ ᠠᠬᠢᠭᠤᠯᠵᠠᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠬᠤᠶᠠᠳᠤᠭᠠᠷ ᠬᠤᠷᠠᠯ ᠠᠴᠠ ᠪᠠᠰᠠ ᠦᠪᠡᠷᠳᠡᠭᠡᠨ | ᠵᠠᠰᠬᠠᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠤᠢ ᠰᠢᠭᠤᠢ ᠶᠢᠨ ᠲᠢᠩᠬᠢᠮ ᠤᠨ 2015 ᠣᠨ ᠤ ᠠᠵᠢᠯ | ᠤᠨ ᠪᠠᠶᠢᠳᠠᠯ ᠳᠤ ᠠᠵᠢᠯ ᠤᠨ ᠦᠨᠡᠯᠡᠯᠳᠡ ᠬᠢᠵᠦ᠂ ᠪᠦᠬᠦ ᠤᠷᠤᠨ ᠤ ᠰᠢᠭᠦᠭᠦ ᠬᠤᠷᠢᠶ᠎ᠠ ᠶᠢᠨ ᠬᠠᠤᠯᠢ ᠭᠡᠷᠡᠭᠵᠢᠬᠦᠯᠬᠦ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠤᠨ ᠠᠬᠢᠴᠠ ᠶᠢᠨ ᠪᠠᠶᠢᠳᠠᠯ ᠢ | ᠲᠤᠰᠬᠠᠢ ᠰᠡᠳᠦᠪ ᠢᠶᠠᠷ ᠠᠰᠠᠭᠤᠨ ᠯᠠᠪᠯᠠᠬᠤ ᠪᠤᠯᠤᠨ᠎ᠠ᠃ |