5 ᠳ᠋ᠤᠭᠠᠷ ᠰᠠᠷ᠎ᠠ ᠶᠢᠨ 27 ᠤ ᠡᠳᠦᠷ᠂ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ ᠠᠴᠠ | ᠭᠤᠤᠯᠯᠠᠵᠤ ᠡᠷᠬᠢᠯᠡᠭᠰᠡᠨ ︽ᠵᠠᠯᠠᠭᠤᠴᠤᠳ ᠤᠨ ᠦᠢᠯᠡᠰ ᠪᠤᠰᠬᠠᠬᠤ ᠶᠠᠷᠢᠶᠠᠨ ᠤ ᠲᠠᠪᠴᠠᠩ︾ ᠰᠦᠯᠵᠢᠶᠡᠨ | ᠲᠡᠭᠡᠷᠡᠬᠢ ᠪᠤᠯᠪᠠᠰᠤᠷᠠᠯ ᠤᠨ ᠠᠵᠢᠯᠯᠠᠭ᠎ᠠ ᠪᠦᠬᠦ ᠤᠷᠤᠨ ᠤ 12 ᠠᠶᠢᠮᠠᠭ ᠬᠤᠳᠠ ᠶᠢᠨ 42 ᠵᠠᠯᠠᠭᠤᠴᠤᠳ ᠤᠨ | ᠦᠢᠯᠡᠰ ᠪᠤᠰᠬᠠᠬᠤ ᠨᠡᠪᠴᠢᠬᠦᠯᠦᠷ ᠲᠤ ᠶᠠᠪᠤᠬᠳᠠᠵᠠᠢ᠃ ᠪᠦᠬᠦ ᠤᠷᠤᠨ ᠤ 419 ᠠᠵᠤ ᠠᠬᠤᠢᠢᠯᠠᠯ᠂ 953 | ᠦᠢᠯᠡᠰ ᠪᠤᠰᠬᠠᠭᠴᠢ ᠵᠢᠴᠢ 83 ᠵᠢᠯᠤᠭᠤᠳᠤᠭᠴᠢ ᠪᠠᠭᠰᠢ ᠠᠵᠢᠯᠯᠠᠭ᠎ᠠ ᠳᠤ ᠤᠷᠤᠯᠴᠠᠪᠠ᠃ | ︽ᠵᠠᠯᠠᠭᠤᠴᠤᠳ ᠤᠨ ᠦᠢᠯᠡᠰ ᠪᠤᠰᠬᠠᠬᠤ ᠶᠠᠷᠢᠶᠠᠨ ᠤ ᠲᠠᠪᠴᠠᠩ︾ ᠰᠦᠯᠵᠢᠶᠡᠨ ᠲᠡᠭᠡᠷᠡᠬᠢ ᠪᠤᠯᠪᠠᠰᠤᠷᠠᠯ | ᠤᠨ ᠠᠵᠢᠯᠯᠠᠭ᠎ᠠ ᠨᠢ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ ᠶᠢᠨ ᠢᠨᠲ᠋ᠧᠷ ᠰᠦᠯᠵᠢᠶᠠᠨ ᠤ | ᠰᠡᠳᠬᠢᠬᠦᠢ ᠪᠠ ᠮᠡᠷᠭᠡᠵᠢᠯ ᠢ ᠬᠦᠢᠴᠡᠳ ᠠᠰᠢᠬᠯᠠᠵᠤ᠂ ᠦᠷᠭᠡᠨ ᠤᠯᠠᠨ ᠵᠠᠯᠠᠭᠤᠴᠤᠳ ᠤᠨ ᠦᠢᠯᠡᠰ ᠪᠤᠰᠬᠠᠨᠵᠤ | ᠠᠵᠢᠯ ᠤᠯᠭᠤᠬᠤ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢᠶᠠᠨ ᠲᠡᠭᠡᠭᠰᠢᠯᠡᠬᠦᠯᠬᠦ ᠰᠢᠨ᠎ᠠ ᠠᠷᠭ᠎ᠠ ᠠᠪᠴᠠᠯ | ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ᠂ ᠡᠯ᠎ᠠ ᠵᠦᠢᠯ ᠤᠨ ᠡᠬᠢ ᠪᠠᠶᠠᠯᠢᠭ ᠢ | ᠨᠡᠶᠢᠳᠭᠡᠵᠦ᠂ ᠭᠤᠷᠪᠠᠳᠠᠭᠴᠢ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠳᠤᠷᠠᠨ ᠠᠵᠢᠯᠯᠠᠵᠤ᠂ ᠪᠦᠬᠦ ᠤᠷᠤᠨ ᠤ | ᠦᠢᠯᠡᠰ ᠪᠤᠰᠬᠠᠭᠰᠠᠨ ᠵᠠᠯᠠᠭᠤᠴᠤᠳ ᠲᠤ ᠬᠠᠨᠳᠤᠯᠭᠠᠳᠤ ᠴᠢᠨᠠᠷ᠂ ᠰᠤᠨᠢᠷᠬᠠᠯᠳᠤ ᠴᠢᠨᠠᠷ ᠪᠠ ᠦᠢᠯᠡᠳᠤᠯᠭᠡᠳᠤ ᠴᠢᠨᠠᠷ | ᠢᠶᠠᠷ ᠴᠢᠩᠭ᠎ᠠ᠂ ᠰᠦᠯᠵᠢᠶᠡᠨ ᠲᠡᠭᠡᠷᠡᠬᠢ ᠦᠢᠯᠡᠰ ᠪᠤᠰᠬᠠᠬᠤ ᠬᠢᠴᠢᠶᠡᠯ ᠪᠠ ᠰᠦᠯᠵᠢᠶᠠᠨ ᠠᠴᠠ ᠭᠠᠳᠠᠨᠡᠬᠢ | ᠰᠤᠯᠢᠯᠴᠠᠭᠠᠨ ᠤ ᠲᠠᠪᠴᠠᠩ ᠢ ᠬᠠᠨᠭ᠍ᠭᠠᠵᠤ ᠦᠭᠪᠠ᠃ | ᠲᠠᠷᠠᠭᠠᠴᠢ ᠪᠠᠷ᠂ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ ︽ᠵᠠᠯᠠᠭᠤᠴᠤᠳ ᠤᠨ ᠦᠢᠯᠡᠰ | ᠪᠤᠰᠬᠠᠬᠤ ᠶᠠᠷᠢᠶᠠᠨ ᠤ ᠲᠠᠪᠴᠠᠩ︾ ᠰᠦᠯᠵᠢᠶᠡᠨ ᠲᠡᠭᠡᠷᠡᠬᠢ ᠪᠤᠯᠪᠠᠰᠤᠷᠠᠯ ᠤᠨ ᠠᠵᠢᠯᠯᠠᠭ᠎ᠠ ᠶᠢ ᠵᠠᠯᠠᠭᠤᠴᠤᠳ ᠤᠨ | ᠦᠢᠯᠡᠰ ᠪᠤᠰᠬᠠᠵᠤ ᠠᠵᠢᠯ ᠤᠯᠭᠤᠬᠤ ᠳᠤ ᠦᠢᠯᠡᠴᠢᠯᠡᠬᠦ ᠨᠢᠭᠡ ᠵᠦᠢᠯ ᠤᠨ ᠭᠤᠤᠯᠳᠠᠯᠭ᠎ᠠ ᠲᠠᠢ ᠠᠵᠢᠯ ᠪᠤᠯᠭᠠᠨ | ᠠᠳᠬᠤᠵᠤ᠂ ᠪᠦᠬᠦ ᠤᠷᠤᠨ ᠤ ᠵᠠᠯᠠᠭᠤᠴᠤᠳ ᠤᠨ ᠦᠢᠯᠡᠰ ᠪᠤᠰᠬᠠᠬᠤ ᠨᠡᠪᠴᠢᠬᠦᠯᠦᠷ ᠲᠤ ᠪᠠᠶᠢᠡᠭᠭᠤ ᠦᠷᠨᠢᠬᠦᠯᠤᠨ᠂ | ᠪᠦᠬᠦ ᠤᠷᠤᠨ ᠤ ᠵᠠᠯᠠᠭᠤᠴᠤᠳ ᠤᠨ ᠦᠢᠯᠡᠰ ᠪᠤᠰᠬᠠᠬᠤ ᠤᠬᠠᠮᠰᠠᠷ ᠢ ᠲᠡᠭᠡᠭᠰᠢᠯᠡᠬᠦᠯᠵᠤ᠂ ᠦᠢᠯᠡᠰ ᠪᠤᠰᠬᠠᠬᠤ | ᠢᠳᠡᠭᠡᠯ ᠵᠤᠷᠢᠭ ᠢ ᠨᠢ ᠪᠠᠳᠤᠳᠬᠠᠨ᠂ ᠦᠷᠭᠡᠨ ᠤᠯᠠᠨ ᠵᠠᠯᠠᠭᠤᠴᠤᠳ ᠤᠨ ᠦᠢᠯᠡᠰ ᠪᠤᠰᠬᠠᠬᠤ ᠳᠤ ᠠᠬᠢᠭᠤᠯᠬᠤ | ᠦᠢᠯᠡᠳᠦᠯ ᠦᠵᠡᠭᠦᠯᠬᠦ ᠪᠤᠯᠤᠨ᠎ᠠ᠃ |