ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠦᠵᠡᠰᠬᠦᠯᠡᠩ ᠤᠨ ᠬᠤᠶᠠᠳᠤᠭᠠᠷ ᠤᠳᠠᠭᠠᠨ ᠤ ᠪᠡᠯᠡᠳᠬᠡᠯ ᠬᠤᠷᠠᠯ ᠪᠤᠭᠤᠲᠤ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/5/30
      5 ᠳ᠋ᠤᠭᠠᠷ ᠰᠠᠷ᠎ᠠ ᠶᠢᠨ 26᠎ ᠤ ᠡᠳᠦᠷ᠂ ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠬᠤᠶᠠᠳᠤᠭᠠᠷ ᠤᠳᠠᠭᠠᠨ ᠤ ᠪᠡᠯᠡᠳᠬᠡᠯ ᠬᠤᠷᠠᠯ ᠪᠤᠭᠤᠲᠤ ᠬᠤᠳᠠ ᠳᠤ ᠬᠤᠷᠠᠯᠳᠤᠪᠠ᠃ ᠬᠤᠷᠠᠯ ᠲᠡᠭᠡᠷ᠎ᠠ᠂ ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠪᠡᠯᠡᠳᠬᠡᠯ ᠠᠵᠢᠯ ᠤᠨ ᠪᠠᠶᠢᠳᠠᠯ ᠢ ᠮᠡᠳᠡᠭᠳᠡᠵᠦ᠂ ᠪᠤᠭᠤᠲᠤ ᠬᠤᠳᠠ ᠶᠢᠨ ᠭᠤᠤᠯ ᠬᠤᠷᠠᠯ ᠤᠨ ᠲᠠᠯᠠᠪᠠᠢ ᠪᠤᠯᠤᠨ ᠤᠯᠠᠭᠠᠨᠴᠠᠪ᠂ ᠦᠬᠠᠢ ᠬᠤᠶᠠᠷ ᠬᠤᠳᠠ ᠶᠢᠨ ᠬᠤᠪᠢᠶᠠᠷᠢ ᠲᠠᠯᠠᠪᠠᠢ ᠶᠢᠨ ᠪᠡᠯᠡᠳᠬᠡᠯ ᠠᠵᠢᠯ ᠤᠨ ᠪᠠᠶᠢᠳᠠᠯ ᠪᠤᠯᠤᠨ ᠲᠡᠯᠭᠡᠨ ᠦᠵᠡᠬᠦᠯᠬᠦ ᠤᠷᠤᠨ ᠪᠠᠶᠢᠷᠢ ᠶᠢᠨ ᠬᠤᠪᠢᠶᠠᠷᠢᠯᠠᠯᠳᠠ ᠵᠡᠷᠭᠡ ᠬᠠᠮᠢᠶ᠎ᠠ ᠪᠦᠬᠦᠢ ᠤᠴᠢᠷ ᠢ ᠲᠤᠬᠠᠢ ᠶᠢᠨ ᠲᠠᠯᠠᠪᠤᠷ ᠲᠤ ᠬᠦᠨᠵᠡᠭᠡᠶᠢᠷᠡᠨ ᠪᠠᠶᠢᠴᠠᠭᠠᠨ ᠦᠵᠡᠭᠰᠡᠨ ᠪᠠᠶᠢᠨ᠎ᠠ᠃      ᠤᠢᠢᠯᠠᠭᠠᠭᠰᠠᠨ ᠢᠶᠠᠷ᠂ ᠨᠢᠭᠡᠳᠦᠭᠡᠷ ᠤᠳᠠᠭᠠᠨ ᠤ ᠪᠡᠯᠡᠳᠬᠡᠯ ᠬᠤᠷᠠᠯ ᠠᠴᠠ ᠨᠠᠰᠢ᠂ ᠪᠡᠯᠡᠳᠬᠡᠯ ᠠᠵᠢᠯ ᠤᠨ ᠲᠤᠭᠤᠢᠢᠯᠠᠩ ᠨᠢ ᠤᠯᠤᠰ ᠤᠨ ᠰᠤᠨᠢᠨ ᠮᠡᠳᠡᠭᠡ ᠬᠡᠪᠯᠡᠯ ᠮᠡᠳᠡᠭᠡᠯᠡᠯ ᠷᠠᠳᠢᠣ᠋ ᠲᠧᠯᠧᠢᠰ ᠶᠡᠷᠦᠩᠬᠡᠢ ᠲᠤᠪᠴᠢᠶ᠎ᠠ ᠶᠢᠨ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ︽ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠤᠮ ᠪᠢᠴᠢᠭ ᠎ ᠤᠨ ᠠᠷᠠᠯᠵᠢᠶᠠᠨ ᠤ ᠦᠵᠡᠰᠭᠦᠯᠡᠩ ᠢ ᠰᠠᠶᠢᠳᠤᠷ ᠡᠷᠬᠢᠯᠡᠵᠦ᠂ ᠲᠤᠳᠤᠭᠠᠳᠤ ᠳᠠᠭᠠᠨ ᠪᠦᠬᠦ ᠠᠷᠠᠳ ᠤᠨ ᠨᠤᠮ ᠤᠩᠰᠢᠬᠤ ᠶᠢ ᠠᠬᠢᠭᠤᠯᠤᠨ᠂ ᠭᠠᠳᠠᠭᠠᠳᠤ ᠳᠠᠭᠠᠨ ᠦᠪᠦᠷ ᠮᠤᠩᠭᠤᠯ ᠤᠨ ᠲᠦᠷᠢ ᠲᠦᠷᠬᠦ ᠶᠢ ᠤᠬᠠᠭᠤᠯᠬᠤ︾ ᠴᠤᠬᠤᠯᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ ᠡᠯ᠎ᠠ ᠲᠦᠷᠦᠯ ᠤᠨ ᠪᠡᠯᠡᠳᠭᠡᠯ ᠠᠵᠢᠯ ᠢ ᠶᠠᠭᠠᠷᠠᠯᠳᠠᠢ ᠪᠦᠭᠡᠳ ᠡᠮᠬᠢ ᠲᠢᠭᠯᠢᠮ ᠲᠠᠢ ᠬᠢᠭᠰᠡᠨ ᠪᠠᠶᠢᠨ᠎ᠠ᠃      ᠶᠠᠭᠤᠨ ᠤ ᠤᠷᠢᠳ ᠰᠠᠨᠠᠯ ᠰᠠᠨᠠᠭᠤᠯᠭ᠎ᠠ ᠦᠷᠭᠡᠨ ᠲᠡᠯᠭᠡᠷ ᠬᠤᠷᠢᠶᠠᠨ ᠴᠤᠬᠯᠠᠭᠤᠯᠬᠤ ᠪᠠᠷ ᠲᠠᠮᠵᠢᠨ᠂ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠶᠡᠷᠦᠩᠬᠡᠢ ᠠᠵᠢᠯ ᠤᠨ ᠲᠦᠰᠦᠯ ᠪᠤᠯᠤᠨ ᠬᠡᠷᠡᠭᠵᠢᠬᠦᠯᠬᠦ ᠠᠷᠭ᠎ᠠ ᠶᠢ ᠲᠡᠭᠦᠯᠳᠡᠷᠵᠢᠬᠦᠯᠵᠦ᠂ ᠨᠢᠭᠡᠳᠦᠭᠡᠷ ᠤᠳᠠᠭᠠᠨ ᠤ ᠪᠡᠯᠡᠳᠬᠡᠯ ᠠᠵᠢᠯ ᠤᠨ ᠬᠤᠷᠠᠯ ᠲᠡᠭᠡᠷ᠎ᠠ ᠲᠤᠷᠠᠳᠴᠦ ᠭᠠᠷᠭᠠᠭᠰᠠᠨ ᠰᠠᠨᠠᠯ ᠰᠠᠨᠠᠭᠤᠯᠭ᠎ᠠ ᠳᠤ ᠴᠢᠭᠯᠡᠬᠦᠯᠦᠨ᠂ ᠪᠠᠰᠠ ᠡᠮᠦᠨ᠎ᠡ ᠬᠡᠳᠦᠨ ᠬᠤᠭᠤᠴᠠᠭᠠᠨ ᠤ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠪᠦᠳᠦᠮᠵᠢᠳᠠᠢ ᠠᠷᠭ᠎ᠠ ᠲᠤᠷᠰᠢᠯᠭ᠎ᠠ ᠲᠠᠢ ᠤᠶᠠᠯᠳᠤᠭᠤᠯᠤᠨ᠂ ᠨᠤᠮ ᠪᠢᠴᠢᠭ ᠤᠨ ᠠᠷᠠᠯᠵᠢᠶᠠᠨ ᠤ ᠦᠵᠡᠰᠭᠦᠯᠡᠩ ᠤᠨ ᠶᠡᠷᠦᠩᠬᠡᠢ ᠠᠵᠢᠯ ᠤᠨ ᠲᠦᠰᠦᠯ ᠪᠤᠯᠤᠨ 8 ᠬᠡᠷᠡᠭᠵᠢᠬᠦᠯᠬᠦ ᠠᠷᠭ᠎ᠠ ᠶᠢ ᠵᠠᠰᠠᠨ ᠲᠡᠭᠦᠯᠳᠡᠷᠵᠢᠬᠦᠯᠵᠠᠢ᠃      ᠦᠵᠡᠰᠭᠦᠯᠡᠩ ᠤᠨ ᠲᠠᠯᠠᠪᠠᠢ ᠶᠢ ᠲᠦᠷᠪᠡᠨ ᠲᠤᠭᠤᠷᠢᠭ ᠬᠤᠪᠢᠶᠠᠵᠠᠢ᠂ ᠨᠢᠭᠡᠳᠦᠭᠡᠷ ᠦᠵᠡᠬᠦᠯᠦᠯᠭᠡ ᠶᠢᠨ ᠲᠤᠭᠤᠷᠢᠭ ᠨᠢ ᠡᠯ᠎ᠠ ᠮᠤᠵᠢ ᠦᠪᠡᠷᠳᠡᠭᠡᠨ ᠵᠠᠰᠠᠬᠤ ᠤᠷᠤᠨ᠂ ᠰᠢᠶᠠᠩᠭᠠᠩ ᠤᠤᠮᠧᠨ ᠲᠠᠶᠢᠸᠠᠨ ᠤ ᠲᠦᠯᠦᠭᠡᠯᠡᠭᠴᠢ ᠶᠢᠨ ᠪᠦᠯᠬᠦᠮ ᠪᠤᠯᠤᠨ ᠰᠢᠯᠢᠳᠡᠭ ᠨᠤᠮ ᠪᠢᠴᠢᠭ ᠤᠨ ᠲᠡᠯᠭᠡᠨ ᠦᠵᠡᠬᠦᠯᠦᠯᠭᠡ᠂ ︽ᠲᠤᠮᠳᠠᠳᠤ ᠶᠢᠨ ᠬᠡᠪᠯᠡᠯ ᠤᠨ ᠬᠡᠷᠡᠯ︾ ᠦᠵᠡᠭᠦᠯᠦᠯᠭᠡ ᠪᠤᠯᠤᠨ ᠪᠤᠬᠢᠷᠳᠤᠯ ᠦᠭᠡᠢ ᠬᠡᠪᠯᠡᠯ ᠤᠨ ᠦᠵᠡᠭᠦᠯᠦᠯᠭᠡ ᠪᠠᠷ ᠭᠤᠤᠯᠳᠠᠭᠤᠯᠵᠦ᠂ ᠬᠤᠶᠠᠳᠤᠭᠠᠷ ᠦᠵᠡᠬᠦᠯᠦᠯᠭᠡ ᠶᠢᠨ ᠲᠤᠭᠤᠷᠢᠭ ᠨᠢ ᠠᠷᠠᠳ ᠠᠴᠠ ᠡᠵᠡᠩᠨᠡᠭᠰᠡᠨ ᠨᠤᠮ ᠤᠨ ᠦᠢᠯᠡᠰ ᠪᠤᠯᠤᠨ ᠵᠢᠵᠢᠭᠯᠡᠨ ᠪᠤᠷᠤᠯᠠᠭᠤᠯᠬᠤ ᠵᠢᠴᠢ ᠨᠤᠮ ᠤᠨ ᠰᠠᠩ ᠲᠡᠯᠭᠡᠭᠦᠷ ᠤᠳ ᠨᠤᠮ ᠠᠪᠬᠤ ᠲᠤᠭᠤᠷᠢᠭ ᠢᠶᠠᠷ ᠭᠤᠤᠯᠳᠠᠭᠤᠯᠵᠦ᠂ ᠭᠤᠷᠪᠠᠳᠤᠭᠠᠷ ᠲᠦᠷᠪᠡᠳᠦᠭᠡᠷ ᠲᠤᠭᠤᠷᠢᠭ ᠨᠢ ᠠᠷᠠᠳ ᠠᠴᠠ ᠡᠵᠡᠩᠨᠡᠭᠰᠡᠨ ᠨᠤᠮ ᠤᠨ ᠦᠢᠯᠡᠰ ᠢᠶᠠᠷ ᠭᠤᠤᠯᠳᠠᠭᠤᠯᠵᠦ᠂ ᠲᠦᠷᠪᠡᠨ ᠲᠤᠭᠤᠷᠢᠭ ᠤᠨ ᠬᠤᠭᠤᠷᠤᠨᠳᠦ ᠪᠠᠨ ᠨᠤᠮ ᠤᠨ ᠠᠷᠠᠯ ᠪᠤᠯᠤᠨ ᠭᠤᠳᠤᠮᠵᠢ ᠪᠠᠷ ᠬᠤᠯᠪᠤᠯᠳᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号