2015 ᠣᠨ ᠳᠤ ᠥᠪᠥᠷ ᠮᠣᠩᠭᠤᠯ ᠤᠨ ᠬᠤᠲᠠ ᠪᠠᠯᠭᠠᠰᠤ ᠶᠢᠨ 26. 6 ᠲᠦᠮᠡᠨ ᠬᠥᠮᠦᠨ ᠰᠢᠨ᠎ᠡ ᠪᠠᠷ | ᠠᠵᠢᠯ ᠤᠯᠪᠠ᠂ ᠡᠭᠦᠨ ᠳᠤ ᠬᠤᠲᠠ ᠪᠠᠯᠭᠠᠰᠤᠨ ᠳᠤ ᠰᠢᠨ᠎ᠡ ᠪᠠᠷ ᠠᠵᠢᠯ ᠤᠯᠤᠭᠰᠠᠳ ᠤᠨ 90% ᠶᠢ ᠨᠢ ᠳᠤᠮᠳᠠ | ᠵᠢᠵᠢᠭ ᠠᠵᠤ ᠠᠬᠤᠶᠢᠯᠠᠯ ᠤᠳ ᠰᠢᠩᠭᠡᠭᠡᠨ ᠠᠪᠴᠤ᠂ ᠥᠪᠥᠷ ᠮᠣᠩᠭᠤᠯ ᠤᠨ ᠠᠳᠠᠯ ᠦᠢᠯᠡᠰ ᠴᠣᠭᠴᠠᠯᠠᠬᠤ ᠶᠢ | ᠵᠣᠷᠢᠭᠵᠢᠭᠤᠯᠬᠤ᠂ ᠠᠵᠢᠯ ᠣᠯᠭᠤᠬᠤ ᠶᠢ ᠲᠤᠬᠢᠷᠠᠭᠤᠯᠬᠤ ᠭᠤᠣᠯ ᠠᠷᠭ᠎ᠠ ᠵᠠᠮ ᠪᠤᠯᠪᠠ᠃ ᠣᠷᠴᠢᠮ ᠤᠨ | ᠵᠢᠯ ᠤᠳ ᠲᠤ᠂ ᠥᠪᠥᠷ ᠮᠣᠩᠭᠤᠯ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ᠂ ᠪᠡᠯᠡ ᠳᠤᠬᠢᠷᠠᠭᠤᠯᠭ᠎ᠠ ᠶᠢᠨ ᠠᠷᠭ᠎ᠠ ᠵᠠᠮ ᠢ ᠦᠷᠭᠡᠳᠭᠡᠬᠦ ᠵᠡᠷᠭᠡ ᠤᠯᠠᠨ | ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠤᠮᠳᠠ ᠵᠢᠵᠢᠭ ᠠᠵᠤ ᠠᠬᠤᠶᠢᠯᠠᠯ ᠤᠨ ᠲᠦᠷᠭᠡᠨ ᠬᠦᠭᠵᠢᠬᠦᠯᠵᠤ᠂ | 2015 ᠣᠨ ᠤ ᠡᠴᠦᠰ ᠪᠣᠯᠬᠤ ᠳᠤ᠂ ᠪᠦᠬᠦ ᠣᠷᠣᠨ ᠤ ᠵᠠᠬ᠎ᠠ ᠳᠡᠯᠭᠡᠭᠦᠷ ᠶᠡᠷᠦᠩᠬᠡᠶ ᠳᠡᠭᠡᠨ 166.4 ᠲᠦᠮᠡᠨ | ᠡᠷᠦᠭᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.56% ᠪᠠᠷ ᠨᠡᠮᠡᠭᠳᠡᠵᠤ᠂ ᠳᠤᠮᠳᠠ ᠵᠢᠵᠢᠭ ᠠᠵᠤ | ᠠᠬᠤᠶᠢᠯᠠᠯ ᠨᠢ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠪᠤᠯᠪᠠ᠃ | ᠲᠤᠭ᠎ᠠ ᠪᠠᠷᠢᠮᠲᠠ ᠠᠴᠠ ᠦᠵᠡᠪᠡᠯ᠂ 2015 ᠣᠨ ᠪᠣᠯᠬᠤ ᠳᠤ᠂ ᠥᠪᠥᠷ ᠮᠣᠩᠭᠤᠯ ᠪᠦᠬᠦ ᠵᠢᠯ ᠳᠤ 6 ᠲᠦᠮᠡᠨ | ᠡᠷᠦᠬᠡ ᠠᠵᠤ ᠠᠬᠤᠶᠢᠯᠠᠯ ᠢ ᠰᠢᠨ᠎ᠡ ᠪᠠᠷ ᠳᠠᠩᠰᠠᠯᠠᠵᠤ᠂ ᠠᠳᠠᠯᠢ ᠬᠤᠭᠤᠴᠠᠭᠠᠨ ᠠᠴᠠ 29.6% ᠪᠠᠷ ᠨᠡᠮᠡᠭᠳᠡᠪᠡ᠃ | ᠪᠦᠬᠦ ᠣᠷᠣᠨ ᠤ 4232 ᠡᠷᠦᠬᠡ ᠬᠡᠪᠴᠢᠶᠡᠵᠢᠯ ᠠᠴᠠ ᠳᠡᠭᠡᠭᠰᠢᠬᠢ ᠳᠤᠮᠳᠠ ᠵᠢᠵᠢᠭ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠨᠡᠮᠡᠭᠳᠡᠯ ᠦᠷᠲᠡᠭ ᠨᠢ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | 71.1% ᠶᠢ ᠡᠵᠡᠯᠡᠵᠤ᠂ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ | 73.3% ᠳᠤ ᠬᠦᠷᠪᠡ᠃ ᠣᠶᠢᠯᠠᠭᠠᠭᠰᠠᠨ ᠢᠶᠠᠷ᠂ ᠠᠵᠢᠯ ᠣᠯᠭᠤᠯᠲᠠ ᠶᠢ ᠤᠯᠠᠮ ᠨᠢᠭᠡ ᠠᠯᠬᠤᠮ ᠥᠷᠭᠡᠳᠬᠡᠬᠦ ᠪᠠ | ᠠᠬᠢᠭᠤᠯᠬᠤ ᠶᠢᠨ ᠲᠤᠯᠠᠳᠠ᠂ 2016 ᠣᠨ ᠳᠤ᠂ ᠮᠠᠨ ᠤ ᠣᠷᠣᠨ ᠳᠤᠮᠳᠠ ᠵᠢᠵᠢᠭ ᠠᠵᠤ ᠠᠬᠤᠶᠢᠯᠠᠯ ᠤᠨ ᠲᠤᠬᠠᠢ | ᠲᠥᠷᠥ ᠶᠢᠨ ᠪᠣᠳᠣᠯᠭ᠎ᠠ ᠪᠤᠯᠤᠨ ᠦᠢᠯᠡᠴᠢᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ ᠳᠤᠮᠳᠠ ᠵᠢᠵᠢᠭ ᠠᠵᠤ | ᠠᠬᠤᠶᠢᠯᠠᠯ ᠤᠨ ᠳᠠᠷᠤᠭᠠᠰᠤ ᠬᠦᠯᠢᠶᠡᠰᠦ ᠶᠢ ᠨᠢ ᠬᠦᠡᠭᠭᠡᠷᠡᠭᠦᠯᠦᠨ ᠰᠤᠯᠠᠷᠠᠭᠤᠯᠬᠤ ᠶᠢᠨ ᠳᠠᠭᠠᠤ ᠠᠳᠠᠯ ᠦᠢᠯᠡᠰ | ᠴᠤᠭᠴᠠᠯᠠᠨ ᠰᠢᠨ᠎ᠡ ᠶᠢ ᠡᠭᠦᠳᠬᠦ ᠶᠢ ᠡᠷᠴᠢᠮ ᠲᠠᠢ ᠠᠬᠢᠭᠤᠯᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ |