5 ᠳ᠋ᠤᠭᠠᠷ ᠰᠠᠷ᠎ᠠ ᠶᠢᠨ 25 — 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠸᠠᠩ ᠪᠥᠸᠧ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ | ᠵᠢᠯᠣᠭᠤᠳᠬᠤ ᠳᠤᠭᠤᠶᠢᠯᠠᠩ ᠢ ᠳᠠᠭᠠᠭᠤᠯᠤᠨ ᠤᠯᠠᠭᠠᠨᠬᠠᠳᠠ ᠬᠤᠲᠠ ᠳᠤ ᠬᠦᠷᠴᠦ ᠭᠤᠣᠯᠳᠠᠯᠭᠠᠲᠤ ᠠᠵᠢᠯ | ᠭᠤᠣᠯᠳᠠᠯᠭᠠᠲᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠣᠳᠤᠯᠤᠭᠰᠠᠨ ᠪᠥᠭᠡᠳ ᠶᠠᠷᠢᠯᠴᠠᠬᠤ | ᠬᠤᠷᠠᠯ ᠬᠢᠪᠡ᠃ ᠶᠠᠷᠢᠯᠴᠠᠬᠤ ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠳᠠ ᠶᠢᠨ ᠳᠠᠷᠤᠭ᠎ᠠ ᠮᠧᠩ ᠰᠢᠶᠠᠨ ᠳ᠋ᠦᠩ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠲᠦᠯᠦᠭᠡᠯᠡᠨ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠵᠢᠯᠣᠭᠤᠳᠬᠤ ᠳᠤᠭᠤᠶᠢᠯᠠᠩ ᠳᠤ ᠤᠯᠠᠭᠠᠨᠬᠠᠳᠠ | ᠬᠤᠲᠠ ᠶᠢᠨ ᠭᠤᠣᠯᠳᠠᠯᠭᠠᠲᠤ ᠠᠵᠢᠯ ᠭᠤᠣᠯᠳᠠᠯᠭᠠᠲᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠬᠠᠷᠢᠭᠤ | ᠮᠡᠳᠡᠭᠦᠯᠪᠡ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠪᠥᠸᠧ ᠠᠴᠠ ᠤᠯᠠᠭᠠᠨᠬᠠᠳᠠ | ᠬᠤᠲᠠ ᠶᠢᠨ ᠭᠤᠣᠯᠳᠠᠯᠭᠠᠲᠤ ᠠᠵᠢᠯ ᠭᠤᠣᠯᠳᠠᠯᠭᠠᠲᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠳᠤ ᠭᠦᠢᠴᠡᠳ | ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠤᠯᠠᠭᠠᠨᠬᠠᠳᠠ ᠬᠤᠲᠠ ᠶᠢᠨ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨ᠎ᠡ᠂ | ᠰᠠᠨᠠᠭᠠᠴᠢᠯᠠᠭ᠎ᠠ ᠠᠴᠠ ᠪᠠᠨ ᠠᠵᠢᠯᠯᠠᠨ᠂ ᠦᠢᠯᠡᠰ ᠪᠦᠲᠦᠭᠡᠬᠦ ᠪᠠᠷ ᠬᠦᠴᠦᠯᠡᠨ ᠴᠢᠷᠮᠠᠶᠢᠵᠤ᠂ ᠰᠠᠶᠢᠨ ᠰᠠᠶᠢᠬᠠᠨ | ᠤᠶᠤᠨ ᠰᠠᠨᠠᠭᠠᠨ ᠤ ᠳᠦᠷᠰᠦ ᠪᠠᠶᠢᠳᠠᠯ ᠢ ᠪᠠᠷᠢᠮᠳᠠᠯᠠᠪᠠ᠃ ᠡᠯ᠎ᠡ ᠱᠠᠲᠤᠨ ᠤ ᠤᠳᠤᠷᠢᠳᠬᠤ ᠠᠵᠢᠯ ᠨᠢ ᠣᠷᠭᠢᠯᠤᠮ᠎ᠠ | ᠡᠷᠴᠢ ᠵᠣᠷᠢᠭ ᠲᠠᠢ᠂ ᠺᠠᠳ᠋ᠷᠴᠤᠳ ᠨᠢ ᠠᠵᠢᠯ ᠬᠢᠬᠦ ᠶᠢ ᠪᠣᠳᠤᠨ᠂ ᠠᠵᠢᠯ ᠬᠢᠵᠦ ᠴᠢᠳᠠᠵᠤ᠂ ᠠᠵᠢᠯ ᠪᠦᠲᠦᠭᠡᠨ | ᠴᠢᠳᠠᠵᠤ᠂ ᠳᠠᠶᠠᠭᠠᠷ ᠢᠶᠠᠨ ᠦᠨᠡᠨ ᠠᠳᠬᠤᠵᠤ ᠪᠣᠳᠠᠲᠠᠶ ᠠᠵᠢᠯᠯᠠᠨ᠂ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠬᠦ | ᠢᠳᠡᠪᠬᠢ ᠠᠭᠤᠷ ᠠᠮᠢᠰᠬᠤᠯ ᠢ ᠪᠤᠢ ᠪᠣᠯᠭᠠᠵᠠᠢ᠃ ᠪᠡᠯᠡ ᠮᠥᠩᠭᠦ ᠶᠢᠨ ᠪᠡᠷᠬᠡ ᠠᠰᠠᠭᠤᠳᠠᠯ ᠢ ᠰᠢᠢᠳᠪᠦᠷᠢᠯᠡᠬᠦ ᠳᠤ | ᠤᠯᠠᠨ ᠵᠦᠢᠯ ᠤᠨ ᠲᠦᠷᠦ ᠶᠢᠨ ᠪᠤᠳᠤᠯᠭ᠎ᠠ ᠨᠡᠶᠢᠲᠡᠯᠡᠵᠦ᠂ ᠠᠯᠢ ᠤᠯᠠᠨ ᠢᠳᠡᠪᠬᠢᠲᠡᠶ ᠠᠷᠭ᠎ᠠ ᠬᠡᠮᠵᠢᠶ᠎ᠡ ᠠᠪᠤᠨ᠂ | ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠲᠣᠭᠲᠠᠭᠤᠨ ᠪᠥᠭᠡᠳ ᠡᠮᠬᠢ ᠵᠢᠷᠤᠮ ᠶᠠᠪᠤᠭᠳᠠᠵᠤ᠂ | ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠪᠠᠶᠠᠷᠯᠠᠭᠤᠰᠢᠲᠠᠶ ᠬᠤᠪᠢᠷᠠᠯᠲᠠ ᠭᠠᠷᠴᠠᠶ᠃ ᠪᠦᠬᠦ ᠬᠤᠲᠠ ᠪᠠᠷ ᠢᠶᠠᠨ | ᠠᠷᠪᠠ ᠶᠢ ᠪᠦᠷᠢᠨ ᠪᠦᠷᠬᠦᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠺᠠᠳ᠋ᠷ ᠤᠯᠠᠨ | ᠲᠦᠮᠡᠨ ᠤ ᠲᠠᠨᠢᠯᠲᠠ ᠤᠯᠠᠮ ᠨᠢᠭᠡᠳᠴᠦ᠂ ᠥᠪᠡᠷᠲᠡᠭᠡᠨ ᠳᠠᠷᠤᠯᠲᠠ ᠠᠪᠴᠤ᠂ ᠪᠠᠷᠢᠮᠵᠢᠶ᠎ᠠ ᠪᠠᠨ ᠳᠡᠭᠡᠭᠰᠢᠯᠡᠭᠦᠯᠵᠦ᠂ | ᠢᠨᠵᠧᠨᠧᠷᠢᠩ ᠤᠨ ᠠᠬᠢᠴᠠ ᠢᠯᠡᠳᠲᠡ ᠦᠷ᠎ᠡ ᠪᠦᠲᠦᠮᠵᠢ ᠣᠯᠵᠤ᠂ ᠴᠢᠨᠠᠷ ᠲᠠᠢ ᠪᠠᠶᠢᠯᠭᠠᠬᠤ ᠪᠠᠷ ᠪᠠᠷᠠᠬᠤ ᠦᠭᠡᠢ᠂ | ᠪᠠᠰᠠ ᠠᠭᠤᠯᠬᠤᠨ ᠲᠠᠢ ᠪᠠᠶᠢᠯᠭᠠᠬᠤ ᠶᠢ ᠪᠡᠶᠡᠯᠡᠭᠦᠯᠦᠭᠰᠡᠨ ᠪᠦᠭᠡᠳ ︽ᠠᠷᠪᠠ ᠶᠢ ᠪᠦᠷᠢᠨ ᠪᠦᠷᠬᠦᠭᠦᠯᠬᠦ︾ | ᠢᠨᠵᠧᠨᠧᠷᠢᠩ ᠢ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ ᠠᠵᠤ | ᠠᠬᠤᠶ ᠶᠢᠨ ᠬᠥᠭᠵᠢᠯᠲᠡ ᠳᠤ ᠠᠮᠢᠳᠤ ᠰᠣᠷᠭᠤᠭ ᠬᠦᠴᠦᠨ ᠴᠢᠳᠠᠯ ᠢ ᠣᠯᠭᠤᠵᠠᠢ᠃ ︽ᠠᠷᠪᠠ ᠶᠢ ᠪᠦᠷᠢᠨ | ᠪᠦᠷᠬᠦᠭᠦᠯᠬᠦ︾ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠭᠡᠯ ᠤᠨ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠨ ᠬᠠᠮᠠᠭᠠᠯᠠᠬᠤ ᠲᠠᠯ᠎ᠠ ᠪᠠᠷ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠵᠤ᠂ | ᠰᠠᠶᠢᠨ ᠦᠷ᠎ᠡ ᠪᠦᠲᠦᠮᠵᠢ ᠣᠯᠵᠠᠢ᠃ ᠪᠡᠯᠡᠳᠭᠡᠮᠵᠢᠳᠤ ᠲᠠᠷᠢᠶᠠᠯᠠᠩ ᠤᠨ ᠪᠥᠳᠥᠭᠡᠨ ᠪᠠᠶᠢᠭᠤᠯᠤᠯᠲᠠ ᠬᠡᠪᠰᠢᠵᠦ᠂ ᠠᠮᠢ | ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠨᠢ ᠶᠡᠭᠡ᠂ ᠬᠤᠪᠢᠷᠠᠯᠲᠠ ᠨᠢ ᠶᠡᠭᠡ ᠪᠠᠶᠢᠨ᠎ᠠ᠃ ᠠᠵᠤ | ᠦᠢᠯᠡᠳᠪᠦᠷᠢ ᠶᠢᠨ ᠬᠥᠭᠵᠢᠯᠲᠡ ᠶᠢᠨ ᠰᠡᠳᠬᠢᠮᠵᠢ ᠨᠡᠩ ᠲᠣᠳᠣ ᠪᠣᠯᠵᠤ᠂ ᠥᠪᠡᠷ ᠤᠨ ᠬᠠᠷᠢᠴᠠᠩᠭᠤᠶ ᠳᠠᠪᠠᠭᠤᠯᠢᠭ | ᠲᠠᠯ᠎ᠠ ᠪᠠᠨ ᠠᠳᠬᠤᠨ᠂ ᠦᠨᠡᠨ ᠠᠴᠠ ᠵᠥᠪ ᠢ ᠡᠷᠢᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠶᠡᠭᠡ ᠰᠠᠶᠢᠨ ᠠᠮᠵᠢᠯᠲᠠ ᠣᠯᠵᠡᠢ ᠭᠡᠪᠡ᠃ | ᠸᠠᠩ ᠪᠥᠸᠧ ᠤᠯᠠᠭᠠᠨᠬᠠᠳᠠ ᠬᠤᠲᠠ ᠳᠠᠷᠠᠭ᠎ᠠ ᠠᠯᠬᠤᠮ ᠤᠨ ᠠᠵᠢᠯ ᠳᠠᠭᠠᠨ᠂ ᠰᠡᠳᠬᠢᠮᠵᠢ ᠪᠠᠨ ᠤᠯᠤᠰ ᠪᠠ | ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠳᠡᠭᠡᠷ᠎ᠡ ᠦᠷᠭᠦᠯᠵᠢᠯᠡᠨ ᠨᠢᠭᠡᠲᠦᠭᠦᠯᠵᠦ᠂ ᠲᠠᠨᠢᠯᠲᠠ ᠪᠠᠨ | ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠪᠠᠲᠤᠵᠢᠭᠤᠯᠵᠤ᠂ ᠦᠨᠡᠨᠬᠦ ᠠᠳᠬᠤᠵᠤ ᠪᠣᠳᠠᠲᠠᠶ ᠠᠵᠢᠯᠯᠠᠬᠤ ᠬᠡᠷᠡᠭᠲᠡᠢ᠃ | ᠰᠢᠨ᠎ᠡ ᠶᠢ ᠡᠭᠦᠳᠦᠨ ᠬᠦᠭᠵᠢᠭᠦᠯᠬᠦ ᠲᠠᠯ᠎ᠠ ᠪᠠᠷ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠵᠡᠯᠲᠡ | ᠲᠠᠨᠢᠯᠲᠠ ᠪᠠᠨ ᠰᠢᠨᠡᠴᠢᠯᠡᠨ᠂ ᠰᠡᠳᠭᠢᠮᠵᠢ ᠪᠠᠨ ᠦᠷᠭᠡᠳᠬᠡᠬᠦ ᠬᠡᠷᠡᠭᠲᠡᠢ᠃ ︽ᠠᠷᠪᠠ ᠶᠢ ᠪᠦᠷᠢᠨ ᠪᠦᠷᠬᠦᠭᠦᠯᠬᠦ︾ | ᠢᠨᠵᠧᠨᠧᠷᠢᠩ ᠤᠨ ᠪᠦ᠋ᠲᠦᠭᠡᠨ ᠪᠠᠶᠢᠭᠤᠯᠤᠯᠲᠠ ᠳᠤᠮᠳᠠ ᠠᠶᠢᠯ ᠲᠣᠰᠬᠤᠨ ᠤ ᠦᠪᠡᠷᠮᠢᠴᠡ ᠣᠨᠴᠠᠯᠢᠭ ᠢ ᠦᠷᠭᠦᠯᠵᠢᠯᠡᠨ | ᠳᠣᠪᠤᠶᠢᠯᠭᠠᠵᠤ᠂ ᠡᠯ᠎ᠡ ᠵᠦᠢᠯ ᠤᠨ ᠪᠦᠳᠦᠭᠡᠠ ᠪᠠᠶᠢᠭᠤᠯᠤᠯᠲᠠ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ | ᠦᠨᠡᠨ ᠠᠴᠠ ᠵᠥᠪ ᠢ ᠡᠷᠢᠵᠦ᠂ ᠦᠵᠡᠮᠦᠷᠢᠲᠡᠢ ᠮᠦᠷᠲᠡᠭᠡᠨ ᠪᠥᠬᠡᠯᠢᠭ ᠪᠠᠰᠠ ᠬᠢᠮᠳᠠ ᠬᠢᠯᠪᠠᠷᠬᠠᠨ ᠪᠠᠶᠢᠯᠭᠠᠵᠤ᠂ ︽ | ᠮᠢᠩᠭᠠᠨ ᠲᠣᠰᠬᠤᠨ ᠪᠦᠷ ᠠᠳᠠᠯᠢᠬᠠᠨ ᠪᠠᠶᠢᠬᠤ︾ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠠᠷᠠᠳ ᠢ | ᠨᠡᠭᠦᠯᠭᠡᠨ ᠰᠢᠯᠵᠢᠭᠦᠯᠬᠦ ᠠᠵᠢᠯ ᠤᠨ ᠡᠷᠴᠢᠮ ᠢ ᠴᠢᠩᠭᠠᠳᠬᠠᠨ᠂ ᠬᠤᠷᠳᠤᠴᠠ ᠶᠢ ᠲᠦᠷᠭᠡᠳᠬᠡᠵᠦ᠂ ᠭᠠᠴᠠᠭᠠᠨ ᠳᠤ | ᠰᠠᠭᠤᠭ᠎ᠠ ᠺᠠᠳ᠋ᠷᠴᠤᠳ ᠲᠠᠬᠢ ᠬᠠᠮᠢᠶᠠᠷᠤᠯᠲᠠ ᠪᠠ ᠱᠠᠭᠠᠷᠳᠠᠯᠭ᠎ᠠ ᠪᠠᠨ ᠴᠢᠩᠭᠠᠳᠬᠠᠵᠤ᠂ ᠲᠡᠳᠡ ᠨᠠᠷ ᠢ | ᠠᠵᠢᠯ ᠤᠨ ᠳᠤᠮᠳᠠ ᠪᠠᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ ᠬᠦᠰᠡᠪᠡ᠃ | ᠰᠢᠮᠳᠠᠭᠤᠯᠤᠨ ᠵᠢᠯᠣᠭᠤᠳᠬᠤ ᠳᠤᠭᠤᠶᠢᠯᠠᠩ ᠪᠠᠰᠠ ᠬᠠᠷᠠᠴᠢᠨ ᠬᠤᠰᠢᠭᠤ᠂ ᠨᠢᠩᠴᠧᠩ ᠰᠢᠶᠠᠨ᠂ ᠰᠦᠩᠱᠠᠨ | ᠲᠣᠭᠤᠷᠢᠭ ᠪᠠ ᠬᠤᠩᠱᠠᠨ ᠲᠣᠭᠤᠷᠢᠭ ᠲᠤ ᠬᠦᠷᠴᠦ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠡ᠃ | |