ᠮᠠᠨ ᠤ ᠣᠷᠣᠨ ᠲᠦᠷᠤ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ᠂ ᠪᠡᠯᠡ ᠮᠥᠩᠭᠦ ᠶᠢᠨ | ᠣᠷᠣᠭᠤᠯᠤᠯᠲᠠ ᠪᠠᠨ ᠨᠡᠮᠡᠭᠳᠡᠭᠦᠯᠬᠦ᠂ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ᠂ ᠲᠤᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠵᠡᠷᠭᠡ ᠠᠯᠢ ᠣᠯᠠᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯ ᠲᠠᠢ | ᠭᠠᠵᠠᠷ ᠣᠷᠣᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠠᠪᠠᠯᠳᠠᠳᠤ ᠮᠠᠶ᠋ᠢᠭ ᠢᠶᠠᠷ ᠬᠦᠭᠵᠢᠭᠦᠯᠬᠦ ᠶᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ | ᠠᠷᠠᠳ ᠲᠦᠮᠡᠨ ᠤ ᠦᠨᠳᠦᠰᠦᠨ ᠰᠣᠶᠣᠯ ᠤᠨ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠪᠠᠷ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠣᠷᠣᠨ ᠪᠥᠬᠦ ᠣᠷᠣᠨ ᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ 57 ᠬᠤᠰᠢᠭᠤ ᠰᠢᠶᠠᠨ ᠢ ᠭᠤᠣᠯᠳᠠᠯᠭ᠎ᠠ ᠲᠠᠢ | ᠬᠡᠷᠡᠭᠵᠢᠭᠦᠯᠬᠦ ᠬᠡᠪᠴᠢᠶ᠎ᠡ ᠪᠣᠯᠭᠠᠬᠤ ᠪᠠᠷ ᠪᠠᠶᠢᠨ᠎ᠠ᠂ ᠡᠭᠦᠨ ᠳᠤ ᠬᠢᠩᠭᠠᠨ ᠠᠶᠢᠮᠠᠭ᠂ ᠤᠯᠠᠭᠠᠨᠴᠠᠪ ᠬᠤᠳᠠ ᠶᠢᠨ | ᠲᠥᠪᠯᠡᠷᠡᠨ ᠵᠠᠯᠭᠠᠯᠳᠤᠭᠰᠠᠨ ᠣᠨᠴᠠᠭᠠᠶ ᠬᠦᠴᠢᠷᠳᠡᠯ ᠲᠠᠢ 8 ᠬᠤᠰᠢᠭᠤ ᠰᠢᠶᠠᠨ᠂ ᠤᠯᠤᠰ ᠤᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ 23 ᠬᠤᠰᠢᠭᠤ ᠰᠢᠶᠠᠨ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ 26 ᠬᠤᠰᠢᠭᠤ ᠰᠢᠶᠠᠨ ᠪᠤᠢ᠃ ᠨᠣᠮ | ᠦᠵᠡᠵᠦ ᠰᠣᠨᠢᠨ ᠤᠩᠰᠢᠬᠤ᠂ ᠷᠠᠳᠢᠣ᠋ ᠨᠡᠪᠲᠡᠷᠡᠭᠦᠯᠭᠡ ᠲᠧᠯᠸᠢᠰ ᠦᠵᠡᠵᠦ ᠰᠣᠨᠢᠷᠬᠠᠬᠤ᠂ ᠺᠢᠨᠣ᠋ ᠭᠠᠷᠭᠠᠬᠤ᠂ ᠤᠷᠠᠨ | ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠤᠯᠠᠨ ᠲᠦᠮᠡᠨ ᠤ ᠦᠨᠳᠦᠰᠦᠨ ᠰᠣᠶᠣᠯ ᠤᠨ ᠬᠡᠷᠡᠭᠴᠡᠭᠡ ᠶᠢᠨ | ᠲᠣᠭᠤᠷᠢᠨ ᠳᠤ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠯᠠᠨ ᠨᠡᠶᠢᠲᠡ ᠶᠢᠨ ᠦᠨᠳᠦᠰᠦᠨ ᠰᠣᠶᠣᠯ ᠤᠨ | ᠦᠢᠯᠡᠴᠢᠯᠡᠭᠡ ᠬᠠᠩᠭᠠᠬᠤ ᠡᠬᠢ ᠪᠠᠶᠠᠯᠢᠭ ᠤᠨ ᠬᠥᠮᠥᠷᠭᠡ ᠪᠠᠶᠢᠭᠤᠯᠵᠤ᠂ ᠦᠢᠯᠡᠴᠢᠯᠡᠭᠡ ᠶᠢᠨ ᠪᠣᠳᠠᠲᠠᠶ ᠲᠥᠷᠥᠯ | ᠵᠦᠢᠯ᠂ ᠲᠦᠷᠦᠯ ᠢᠯᠭᠠᠯ᠂ ᠲᠤᠭ᠎ᠠ ᠬᠡᠮᠵᠢᠶ᠎ᠡ᠂ ᠬᠡᠪᠴᠢᠶ᠎ᠡ ᠪᠣᠯᠣᠨ ᠶᠠᠰᠤ ᠴᠢᠨᠠᠷ ᠤᠨ ᠱᠠᠭᠠᠷᠳᠠᠯᠭ᠎ᠠ ᠶᠢ | ᠲᠣᠲᠣᠷᠬᠠᠶᠢᠯᠠᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ | ᠬᠠᠩᠭᠠᠯᠭ᠎ᠠ ᠶᠢ ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠳᠤ ᠬᠦᠷᠦᠭᠦᠯᠦᠨ᠎ᠡ᠃ ᠡᠭᠦᠨ ᠤ ᠬᠠᠮᠲᠤ | ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠎ᠡ᠃ ︽ᠲᠣᠭᠯᠠᠯᠲᠠ ᠶᠢᠨ ᠲᠣᠮᠤ ᠲᠠᠪᠴᠠᠩ︾᠂ ︽ | ᠬᠢᠴᠢᠶᠡᠯ ᠤᠨ ᠲᠣᠮᠣ ᠲᠠᠩᠬᠢᠮ︾ ᠪᠠᠷ ᠭᠤᠣᠯ ᠬᠡᠯᠪᠡᠷᠢ ᠪᠣᠯᠭᠠᠨ᠂ ︽ᠬᠠᠪᠤᠷ ᠤᠨ ᠬᠤᠷ᠎ᠠ ᠢᠨᠵᠧᠨᠧᠷᠢᠩ︾ ᠤᠨ | ᠬᠢᠯᠢ ᠬᠢᠵᠠᠭᠠᠷ ᠤᠨ ᠠᠶᠠᠯᠠᠯ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠬᠡᠷᠡᠭᠴᠡᠭᠡ ᠬᠠᠩᠭᠠᠯᠭ᠎ᠠ ᠶᠢ ᠵᠣᠯᠭᠠᠭᠤᠯᠬᠤ᠂ | ᠬᠤᠣᠰ ᠴᠢᠭᠯᠡᠯ ᠢᠶᠠᠷ ᠬᠦᠳᠡᠯᠦᠯᠴᠡᠬᠦ ᠪᠠᠷ ᠳᠠᠮᠵᠢᠭᠤᠯᠤᠨ᠂ ᠰᠣᠶᠣᠯ ᠤᠨ ᠰᠠᠶᠢᠨ ᠳᠤᠷᠠᠴᠤᠳ ᠢ ᠵᠣᠬᠢᠶᠠᠨ | ᠪᠠᠶᠢᠭᠤᠯᠤᠨ ᠰᠣᠶᠣᠯ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠶᠠᠳᠠᠭᠤ | ᠬᠦᠴᠢᠷᠳᠡᠯ ᠭᠠᠵᠠᠷ ᠣᠷᠣᠨ ᠪᠣᠯᠣᠨ ᠣᠷᠣᠨ ᠤ ᠳᠣᠲᠣᠷ ᠭᠠᠳᠠᠨᠠᠬᠢ ᠬᠥᠭᠵᠢᠭᠰᠡᠨ ᠭᠠᠵᠠᠷ ᠣᠷᠣᠨ ᠲᠠᠢ ᠰᠣᠶᠣᠯ ᠤᠨ | ᠰᠣᠯᠢᠯᠴᠠᠭ᠎ᠠ ᠦᠷᠨᠢᠭᠦᠯᠬᠦ ᠶᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠤᠯᠠᠨ | ᠲᠦᠮᠡᠨ ᠤ ᠤᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ︽ᠨᠣᠮ ᠲᠠᠢ ᠪᠠᠭ᠎ᠠ ᠨᠠᠰᠤ︾ | ᠣᠩᠰᠢᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ | ᠤᠩᠰᠢᠬᠤ ᠪᠢᠴᠢᠭ ᠤᠨ ᠪᠣᠭᠴᠣ ᠣᠯᠭᠤᠵᠤ᠂ ᠣᠩᠰᠢᠯᠭ᠎ᠠ ᠶᠢ ᠵᠢᠯᠣᠭᠤᠳᠬᠤ ᠦᠢᠯᠡᠴᠢᠯᠡᠭᠡ ᠦᠷᠨᠢᠭᠦᠯᠦᠨ᠎ᠡ᠃ | ᠡᠭᠦᠨ ᠤ ᠬᠠᠮᠲᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠰᠣᠶᠣᠯ ᠤᠨ ᠦᠢᠯᠡᠴᠢᠯᠡᠭᠡᠨ ᠤ ᠲᠥᠪ ᠲᠤ ︽ᠭᠡᠷ ᠨᠤᠲᠤᠭ ᠲᠠᠭᠠᠨ ᠦᠯᠡᠳᠡᠭᠰᠡᠨ ᠬᠡᠦᠬᠡᠳ ᠤᠨ ᠰᠣᠶᠣᠯ ᠤᠨ | ᠦᠷᠦᠭᠡ︾ ᠪᠠᠶᠢᠭᠤᠯᠵᠤ᠂ ᠬᠡᠦᠬᠡᠳ ᠤᠨ ᠨᠠᠭᠠᠳᠤᠮ ᠴᠡᠩᠭᠡᠯ ᠤᠨ ᠪᠡᠯᠡᠳᠬᠡᠮᠵᠢ ᠲᠣᠬᠢᠷᠠᠭᠤᠯᠤᠨ᠂ ᠬᠡᠦᠬᠡᠳ ᠤᠨ | ᠬᠢᠴᠢᠶᠡᠯ ᠤᠨ ᠭᠠᠳᠠᠨᠠᠬᠢ ᠤᠩᠰᠢᠬᠤ ᠪᠢᠴᠢᠭ ᠢ ᠨᠡᠮᠡᠬᠦ ᠪᠦᠭᠡᠳ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ | ᠬᠡᠦᠬᠡᠳ ᠪᠣᠯᠤᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠡᠴᠢᠭᠡ ᠡᠬᠡ ᠶᠢᠨ ᠬᠤᠭᠤᠷᠣᠨᠳᠣᠬᠢ | ᠬᠠᠷᠠᠭᠠᠨ ᠳᠠᠪᠲᠠᠮᠵᠢ ᠪᠠᠷ ᠨᠡᠪᠲᠡᠷᠡᠯᠴᠡᠬᠦ ᠳᠤ ᠲᠦᠬᠦᠮ ᠨᠥᠬᠦᠴᠡᠯ ᠢ ᠬᠠᠩᠭᠠᠨ᠎ᠠ᠃ ᠰᠣᠶᠣᠯ ᠤᠨ ᠬᠡᠷᠡᠭᠯᠡᠭᠡᠨ ᠤ | ᠨᠥᠬᠦᠪᠥᠷᠢ ᠶᠢᠨ ᠲᠦᠷᠢᠮ ᠢ ᠪᠠᠶᠢᠭᠤᠯᠵᠤ᠂ ᠨᠠᠰᠤᠲᠠᠶᠢᠴᠤᠳ᠂ ᠬᠦᠴᠦ ᠶᠠᠪᠤᠭᠴᠢ ᠮᠠᠯᠴᠢᠨ ᠲᠠᠷᠢᠶᠠᠴᠢᠳ᠂ | ᠵᠡᠮᠳᠡᠭᠴᠦᠳ ᠵᠡᠷᠭᠡ ᠣᠨᠴᠠᠭᠠᠶ ᠪᠦᠯᠦᠭᠯᠡᠯ ᠳᠤ ᠰᠣᠶᠣᠯ ᠤᠨ ᠬᠡᠷᠡᠭᠯᠡᠭᠡᠨ ᠤ ᠺᠠᠷᠲ ᠢ ᠲᠣᠭᠲᠠᠮᠠᠯ | ᠬᠤᠭᠤᠴᠠᠭ᠎ᠠ ᠲᠠᠢ ᠪᠠᠷ ᠬᠦᠷᠭᠡᠬᠦ᠂ ︽ᠰᠣᠶᠣᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ︾ ᠶᠢ | ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠤ | ᠰᠣᠶᠣᠯ ᠤᠨ ᠡᠵᠡᠩᠨᠡᠯᠲᠡ ᠶᠢᠨ ᠨᠢᠭᠡᠴᠡ᠂ ᠰᠣᠶᠣᠯ ᠤᠨ ᠬᠡᠷᠡᠭᠯᠡᠭᠡᠨ ᠤ ᠤᠯᠠᠨ ᠲᠦᠮᠡᠨ ᠳᠤ ᠨᠡᠶᠢᠳᠡᠮ ᠠᠰᠢᠭ | ᠬᠦᠷᠲᠡᠭᠡᠬᠦ ᠮᠠᠶ᠋ᠢᠭ ᠤᠨ ᠰᠣᠶᠣᠯ ᠤᠨ ᠨᠥᠬᠦᠪᠥᠷᠢ ᠣᠯᠭᠤᠨ᠎ᠠ᠃ ᠡᠭᠦᠨ ᠤ ᠬᠠᠮᠲᠤ ᠶᠠᠳᠠᠭᠤ ᠬᠦᠴᠢᠷᠳᠡᠯ ᠲᠠᠢ | ᠭᠠᠵᠠᠷ ᠣᠷᠣᠨ ᠤ ᠮᠠᠯᠴᠢᠨ ᠲᠠᠷᠢᠶᠠᠴᠢᠳ ᠤᠨ ᠬᠥᠮᠥᠨ ᠠᠮᠠ ᠶᠢᠨ ᠬᠡᠪᠴᠢᠶ᠎ᠡ᠂ ᠦᠢᠯᠡᠴᠢᠯᠡᠭᠡᠨ ᠤ ᠣᠷᠣᠨ ᠵᠠᠢ | ᠪᠣᠯᠣᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠣᠶᠣᠯ ᠢ ᠦᠪᠡᠷ ᠢᠶᠠᠨ ᠲᠡᠳᠬᠦᠬᠦ | ᠢᠨᠵᠧᠨᠧᠷᠢᠩ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠲᠠᠢ ᠭᠠᠵᠠᠷ ᠣᠷᠣᠨ ᠤ ᠨᠢᠭᠡ ᠪᠦᠯᠦᠭ ᠵᠢᠱᠢᠶ᠎ᠡ | ᠦᠵᠡᠭᠦᠯᠬᠦ ᠴᠢᠨᠠᠷᠲᠠᠶ ᠤᠯᠠᠨ ᠲᠦᠮᠡᠨ ᠤ ᠰᠣᠶᠣᠯ ᠤᠨ ᠵᠣᠬᠢᠶᠠᠨ ᠪᠠᠶᠢᠭᠤᠯᠤᠯᠲᠠ ᠶᠢ ᠣᠨ ᠬᠤᠪᠢᠶᠠᠨ ᠳᠡᠳᠬᠦᠨ᠎ᠡ᠂ | ᠵᠢᠱᠢᠶᠡᠯᠡᠪᠡᠯ᠂ ᠮᠠᠯᠴᠢᠨ ᠲᠠᠷᠢᠶᠠᠴᠢᠳ ᠤᠨ ᠰᠣᠶᠣᠯ ᠤᠨ ᠳᠤᠮᠤ ᠬᠦᠷᠢᠶ᠎ᠡ᠂ ᠰᠣᠶᠣᠯ ᠤᠨ ᠲᠥᠪ ᠡᠷᠦᠬᠡ᠂ | ᠪᠢᠴᠢᠭ ᠤᠨ ᠬᠤᠷᠢᠶ᠎ᠠ᠂ ᠺᠢᠨᠣ᠋ ᠭᠠᠷᠭᠠᠬᠤ ᠠᠩᠬᠢ᠂ ᠠᠷᠠᠳ ᠤᠨ ᠵᠦᠴᠦᠭᠡ ᠶᠢᠨ ᠪᠦᠯᠬᠦᠮ ᠵᠡᠷᠭᠡ ᠶᠢ ᠲᠡᠳᠭᠦᠵᠦ᠂ | ᠦᠢᠯᠡᠴᠢᠯᠡᠭᠡᠨ ᠤ ᠣᠷᠣᠨ ᠵᠠᠢ ᠶᠢ ᠲᠠᠷᠢᠶᠠᠯᠠᠬᠤ ᠣᠷᠣᠨ ᠳᠤ 5 ᠺᠢᠯᠣᠮᠧᠲᠷ᠂ ᠮᠠᠯᠵᠢᠬᠤ ᠣᠷᠣᠨ ᠳᠤ 10 | ᠺᠢᠯᠣᠮᠧᠲᠷ ᠵᠠᠶᠢᠲᠠᠢ ᠰᠣᠶᠣᠯ ᠤᠨ ᠬᠦᠷᠢᠶ᠎ᠡ ᠶᠢ ᠴᠣᠭᠴᠠᠯᠠᠨ᠎ᠠ᠃ | |