ᠸᠠᠩ ᠢᠦᠶ ᠮᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯᠳᠠᠯᠭᠠᠲᠤ ᠥᠭᠡᠷᠡᠴᠢᠯᠡᠯᠲᠡ ᠶᠢᠨ ᠵᠦᠢᠯᠡᠰ ᠢ ᠬᠢᠨᠠᠨ ᠪᠠᠶᠢᠴᠠᠭᠠᠬᠤ ᠳᠥᠷᠪᠡᠳᠦᠭᠡᠷ ᠳᠤᠭᠤᠶᠢᠯᠠᠩ ᠢ ᠳᠠᠭᠠᠭᠤᠯᠤᠨ ᠪᠠᠶᠠᠨᠨᠠᠭᠤᠷ ᠬᠤᠳᠠ ᠳᠤ ᠭᠦᠨᠵᠡᠭᠡᠶᠢᠷᠡᠨ ᠦᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2016/5/31
     5 ᠳ᠋ᠤᠭᠠᠷ ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠢᠦᠶ ᠮᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯᠳᠠᠯᠭᠠᠲᠤ ᠥᠭᠡᠷᠡᠴᠢᠯᠡᠯᠲᠡ ᠶᠢᠨ ᠵᠦᠢᠯᠡᠰ ᠢ ᠬᠢᠨᠠᠨ ᠪᠠᠶᠢᠴᠠᠭᠠᠬᠤ ᠳᠥᠷᠪᠡᠳᠦᠭᠡᠷ ᠳᠤᠭᠤᠶᠢᠯᠠᠩ ᠢ ᠳᠠᠭᠠᠭᠤᠯᠤᠨ ᠪᠠᠶᠠᠨᠨᠠᠭᠤᠷ ᠬᠤᠳᠠ ᠳᠤ ᠭᠦᠨᠵᠡᠭᠡᠶᠢᠷᠡᠨ ᠦᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠬᠢᠨᠠᠨ ᠪᠠᠶᠢᠴᠠᠭᠠᠵᠤ᠂ ᠪᠠᠶᠠᠨᠨᠠᠭᠤᠷ ᠬᠤᠳᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠾᠧ ᠶᠦᠩ ᠯᠢᠨ ᠠᠵᠢᠯ ᠤᠨ ᠬᠠᠷᠢᠭᠤ ᠮᠡᠳᠡᠭᠦᠯᠦᠯᠲᠡ ᠬᠢᠵᠦ ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦᠸᠠᠨ ᡁᠢ ᠴᠢᠶᠠᠩ ᠬᠤᠷᠠᠯ ᠡᠷᠭᠢᠯᠡᠪᠡ᠃      ᠬᠢᠨᠠᠨ ᠪᠠᠶᠢᠴᠠᠭᠠᠬᠤ ᠳᠤᠭᠤᠶᠢᠯᠠᠩ ᠪᠠᠶᠠᠨᠨᠠᠭᠤᠷ ᠬᠤᠳᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠵᠢᠯ ᠢ ᠭᠦᠢᠴᠡᠳ ᠨᠤᠲᠠᠯᠠᠵᠤ᠂ ᠪᠠᠶᠠᠨᠨᠠᠭᠤᠷ ᠬᠤᠲᠠ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯᠳᠠᠯᠭᠠᠲᠤ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨᠵᠢᠯᠡᠬᠦ ᠤᠬᠠᠭᠠᠨᠴᠢ ᠪᠠᠷ ᠲᠦᠯᠦᠪᠯᠡᠨ᠂ ᠨᠢᠭᠡᠳᠦᠯᠲᠡᠶ ᠲᠣᠬᠢᠷᠠᠭᠤᠯᠵᠦ᠂ ᠢᠯᠡᠳᠲᠡ ᠦᠷ᠎ᠡ ᠪᠦᠲᠦᠭᠡᠯ ᠣᠯᠪᠠ᠃ ᠢᠯᠠᠩᠭᠤᠶ᠎ᠠ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠡᠷᠴᠢᠮ ᠨᠢ ᠶᠡᠭᠡ᠂ ᠦᠨ᠎ᠡ ᠬᠠᠩᠰᠢ ᠶᠢ ᠦᠭᠡᠷᠡᠴᠢᠯᠡᠬᠦ ᠠᠷᠭ᠎ᠠ ᠬᠡᠮᠵᠢᠶ᠎ᠡ ᠨᠢ ᠪᠣᠳᠠᠲᠠᠢ ᠪᠠᠶᠢᠵᠤ᠂ ᠲᠤᠷᠰᠢᠯᠲᠠ ᠬᠢᠬᠦ ᠥᠭᠡᠷᠡᠴᠢᠯᠡᠯᠲᠡ ᠪᠠ ᠪᠡᠶ᠎ᠡ ᠪᠠᠨ ᠳᠠᠭᠠᠭᠠᠵᠤ ᠬᠠᠶᠢᠨ ᠰᠦᠪᠡᠭᠴᠢᠯᠡᠬᠦ ᠥᠭᠡᠷᠡᠴᠢᠯᠡᠯᠲᠡ ᠶᠢᠨ ᠦᠪᠡᠷᠮᠢᠴᠡ ᠣᠨᠴᠠᠯᠢᠭ ᠨᠢ ᠢᠯᠡ ᠲᠣᠳᠣ᠂ ᠲᠦᠯᠬᠢᠨ ᠠᠬᠢᠭᠤᠯᠤᠯᠲᠠ ᠨᠢ ᠡᠷᠴᠢᠮᠲᠡᠢ᠂ ᠪᠦᠬᠦ ᠲᠠᠯ᠎ᠠ ᠶᠢᠨ ᠴᠢᠨᠠᠷᠲᠠᠶ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ᠂ ᠰᠢᠪᠲᠤᠯᠤᠯᠲᠠ ᠬᠢᠬᠦ ᠪᠠ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠵᠠᠷᠢᠮ ᠥᠭᠡᠷᠡᠴᠢᠯᠡᠯᠲᠡ ᠨᠢ ᠪᠦᠬᠦ ᠣᠷᠣᠨ ᠳᠤ ᠪᠠᠭᠤᠯᠭᠠᠵᠤ᠂ ᠳᠡᠯᠭᠡᠷᠡᠭᠦᠯᠵᠦ ᠪᠣᠯᠬᠤᠶᠢᠴᠠ ᠠᠮᠵᠢᠯᠲᠠ ᠲᠠᠢ ᠲᠤᠷᠰᠢᠯᠭ᠎ᠠ ᠶᠢ ᠬᠠᠶᠢᠨ ᠰᠦᠪᠡᠭᠴᠢᠯᠡᠵᠡᠢ ᠭᠡᠵᠦ ᠦᠵᠡᠪᠡ᠃      ᠬᠢᠨᠠᠨ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠦᠵᠡᠯ ᠲᠠᠨᠢᠯᠲᠠ ᠪᠠᠨ ᠤᠯᠠᠮ ᠳᠡᠭᠡᠭᠰᠢᠯᠡᠭᠦᠯᠦᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠭᠠᠵᠤ᠂ ᠬᠠᠮᠲᠤ ᠶᠢᠨ ᠲᠠᠨᠢᠯᠲᠠ ᠪᠠᠨ ᠤᠯᠠᠮ ᠨᠢᠭᠲᠠᠷᠠᠭᠤᠯᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠭᠡᠷᠡᠴᠢᠯᠡᠯᠲᠡ ᠶᠢ ᠭᠦᠨ ᠰᠡᠳᠬᠢᠬᠦ ᠪᠠ ᠰᠢᠰᠲ᠋ᠧᠮ ᠲᠠᠢ ᠲᠦᠯᠦᠪᠯᠡᠬᠦ ᠶᠠᠪᠤᠳᠠᠯ ᠢ ᠴᠢᠩᠭᠠᠳᠬᠠᠬᠤ ᠬᠡᠷᠡᠭᠲᠡᠢ ᠭᠡᠪᠡ᠃ ᠪᠠᠶᠠᠨᠨᠠᠭᠤᠷ ᠬᠤᠳᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ ᠴᠢᠷᠮᠠᠶᠢᠵᠤ᠂ ᠦᠵᠡᠯ ᠲᠠᠨᠢᠯᠲᠠ ᠪᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠨ᠂ ᠦᠷᠭᠦᠯᠵᠢᠯᠡᠨ ᠴᠢᠷᠮᠠᠶᠢᠵᠤ ᠪᠠᠶᠢᠭᠠᠳ ᠨᠡᠩ ᠶᠡᠭᠡ ᠥᠭᠡᠷᠡᠴᠢᠯᠡᠯᠲᠡ ᠶᠢᠨ ᠠᠮᠵᠢᠯᠲᠠ ᠣᠯᠵᠤ᠂ ᠪᠠᠶᠠᠨᠨᠠᠭᠤᠷ ᠬᠤᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠬᠤ ᠶᠢ ᠬᠦᠰᠡᠵᠦ ᠪᠠᠶᠢᠨ᠎ᠠ ᠭᠡᠪᠡ᠃      ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠬᠤ᠋ ᠹᠧᠩ᠂ ᠬᠤᠳᠠ ᠶᠢᠨ ᠤᠳᠤᠷᠢᠳᠤᠯᠭ᠎ᠠ ᠪᠠᠶᠠᠵᠢᠬᠤ᠂ ᠵᠢᠢ ᠴᠢᠶᠠᠩ᠂ ᠵᠸᠦ ᠢᠤᠢ ᠯᠢᠨ᠂ ᠯᠢ ᠯᠢ᠂ ᠵᠢᠶᠠ ᠵᠢᠶᠦ᠋ᠨ᠂ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠳᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠠᠷ ᠬᠠᠷᠢᠭᠤ ᠮᠡᠳᠡᠭᠦᠯᠬᠦ ᠬᠤᠷᠠᠯ ᠪᠤᠶᠤ ᠪᠠᠶᠢᠴᠠᠭᠠᠨ ᠰᠣᠳᠤᠯᠤᠯᠲᠠ ᠳᠤ ᠣᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号