ᠣᠷᠣᠰ ᠳᠠᠬᠢᠨᠲᠠ ᠥᠪᠥᠷ ᠮᠣᠩᠭᠤᠯ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠤᠯᠪᠠ
ᠨᠡᠶᠢᠲᠡᠯᠡᠭᠰᠡᠨ ᠴᠠᠭ᠄
2016/5/31
      ᠡᠨᠡ ᠵᠢᠯ ᠤᠨ 1— 4 ᠳ᠋ᠤᠭᠡᠷ ᠰᠠᠷ᠎ᠠ ᠳᠤ᠂ ᠮᠠᠨ ᠤ ᠣᠷᠣᠨ ᠪᠠ ᠣᠷᠣᠰ ᠤᠨ ᠬᠤᠶᠠᠷ ᠲᠠᠯ᠎ᠠ ᠶᠢᠨ ᠠᠷᠠᠯᠵᠢᠶᠠᠨ ᠤ ᠲᠤᠭ᠎ᠠ ᠨᠢ 8.93 ᠳ᠋ᠦᠡᠭᠰᠢᠭᠤᠷ ᠳ᠋ᠣᠯᠯᠠᠷ ᠲᠤ ᠬᠦᠷᠴᠦ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠣᠭᠠᠨ ᠤ 24. 5%᠎ ᠶᠢ ᠡᠵᠡᠯᠡᠵᠤ᠂ ᠠᠳᠠᠯᠢ ᠬᠤᠭᠤᠴᠠᠭᠠᠨ ᠤ ᠬᠢ ᠠᠴᠠ 4. 3%᠎ ᠪᠠᠷ ᠨᠡᠮᠡᠭᠳᠡᠵᠦ᠂ ᠪᠦᠬᠦ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠡᠮᠵᠢᠶ᠎ᠡ ᠶᠢᠨ 15.2 ᠵᠠᠭᠤᠨ ᠤ ᠴᠡᠭ ᠦᠨᠳᠦᠷ ᠪᠤᠯᠪᠠ᠃ ᠣᠷᠣᠰ ᠳᠠᠬᠢᠨᠲᠠ ᠮᠠᠨ ᠤ ᠣᠷᠣᠨ ᠤ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠤᠯᠤᠭᠰᠠᠨ ᠪᠠᠶᠢᠨ᠎ᠠ᠃ ᠡᠨᠡ ᠵᠢᠯ ᠤᠨ ᠲᠦᠷᠦᠭᠦᠦ ᠳᠦᠷᠪᠡᠨ ᠰᠠᠷ᠎ᠠ ᠳᠤ᠂ ᠮᠠᠨ ᠤ ᠣᠷᠣᠨ ᠠᠴᠠ ᠣᠷᠣᠰ ᠲᠤ ᠭᠠᠷᠭᠠᠭᠰᠠᠨ ᠲᠤᠭ᠎ᠠ ᠬᠡᠮᠵᠢᠶ᠎ᠡ 1.95 ᠳ᠋ᠦᠡᠭᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 94.3%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 135.3 ᠵᠠᠭᠤᠨ ᠤ ᠴᠡᠭ ᠨᠡᠮᠡᠭᠳᠡᠪᠡ᠃ ᠭᠠᠳᠠᠭᠠᠳᠤ ᠳᠤ ᠭᠠᠷᠭᠠᠭᠰᠠᠨ ᠲᠠᠸᠠᠷ ᠲᠤ ᠭᠤᠤᠯᠳᠠᠭᠤ ᠢᠳᠡᠰᠢᠨ ᠨᠣᠭᠤᠭ᠎ᠠ ᠵᠢᠮᠢᠰ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ᠂ ᠨᠡᠬᠡᠮᠡᠯ ᠬᠤᠪᠴᠠᠰᠤ ᠬᠤᠨᠠᠷ ᠤᠨ ᠦᠢᠯᠡᠳᠬᠦᠨ ᠪᠤᠯᠤᠨ ᠭᠡᠷ ᠤᠨ ᠡᠳ᠋ᠯᠡᠯ ᠬᠡᠷᠡᠭᠰᠡᠯ ᠤᠨ ᠪᠦᠲᠦᠭᠡᠭᠳᠡᠬᠦᠨ ᠵᠡᠷᠭᠡ ᠪᠠᠶᠢᠨ᠎ᠠ᠃ ᠭᠠᠳᠠᠭᠠᠳᠤ ᠠᠴᠠ ᠤᠷᠤᠭᠤᠯᠤᠭᠰᠠᠨ ᠲᠤᠭ᠎ᠠ 6.98 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6%᠎ ᠪᠠᠷ ᠪᠠᠭᠤᠷᠠᠪᠠ᠃ ᠭᠠᠳᠠᠭᠠᠳᠤ ᠠᠴᠠ ᠤᠷᠤᠭᠤᠯᠤᠭᠰᠠᠨ ᠭᠤᠣᠯ ᠲᠠᠸᠠᠷ ᠲᠤ ᠭᠤᠤᠯᠳᠠᠭᠤ ᠵᠦᠰᠦᠮᠡᠯ ᠮᠣᠳᠣ᠂ ᠮᠣᠳᠣᠨ ᠡᠭᠡᠳᠡᠩ᠂ ᠪᠦᠬᠦᠯᠢ ᠮᠣᠳᠣ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ᠂ ᠠᠭᠤᠷᠬᠠᠶ ᠶᠢᠨ ᠭᠠᠷᠤᠯᠲᠠ ᠵᠡᠷᠭᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号