1— 4 ᠳ᠋ᠦ᠋ᠭᠡᠷ ᠰᠠᠷ᠎ᠠ ᠳᠤ᠂ ᠮᠠᠨ ᠤ ᠤᠷᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠪᠡᠯᠡ | ᠤᠷᠤᠭᠤᠯᠤᠯᠲᠠ ᠶᠢᠨ ᠰᠠᠨᠠᠮᠵᠢ ᠶᠢᠨ 30 ᠲᠦᠷᠦᠯ ᠵᠦᠢᠯ ᠢ ᠳᠠᠩᠰᠠᠯᠠᠭᠤᠯᠵᠤ᠂ ᠲᠦᠷᠦᠯ ᠵᠦᠢᠯ ᠤᠨ ᠲᠤᠭ᠎ᠠ ᠨᠢ | ᠠᠳᠠᠯᠢ ᠬᠤᠭᠤᠴᠠᠭᠠᠨ ᠤ ᠬᠢ ᠠᠴᠠ 42.9% ᠨᠡᠮᠡᠭᠳᠡᠵᠡᠶ︔ ᠳᠤᠮᠳᠠᠳᠤ ᠤᠯᠤᠰ ᠲᠠᠯ᠎ᠠ ᠶᠢᠨ ᠬᠡᠯᠡᠯᠴᠡᠨ | ᠲᠤᠭᠲᠠᠭᠰᠠᠨ ᠪᠡᠯᠡ ᠣᠷᠣᠭᠤᠯᠤᠯᠲᠠ ᠨᠢ 1.61 ᠳ᠋ᠦᠡᠭᠰᠢᠭᠤᠷ ᠳ᠋ᠣᠯᠯᠠᠷ ᠬᠦᠷᠴᠦ᠂ ᠠᠳᠠᠯᠢ | ᠬᠤᠭᠤᠴᠠᠭᠠᠨ ᠤ ᠬᠢ ᠠᠴᠠ 29.84% ᠨᠡᠮᠡᠭᠳᠡᠵᠦ᠂ ᠪᠥᠬᠦ ᠣᠷᠣᠨ ᠤ ᠭᠠᠳᠠᠭᠠᠳᠤ ᠪᠡᠯᠡ ᠣᠷᠣᠭᠤᠯᠤᠯᠲᠠ ᠶᠢᠨ | ᠳᠤᠮᠳᠠᠳᠤ ᠤᠯᠤᠰ ᠲᠠᠬᠢ ᠪᠡᠯᠡ ᠣᠷᠣᠭᠤᠯᠤᠯᠲᠠ ᠶᠢᠨ ᠶᠡᠷᠦᠩᠬᠡᠶ ᠲᠣᠭᠠᠨ ᠤ 21.76% ᠶᠢ ᠡᠵᠡᠯᠡᠪᠡ᠃ | ᠣᠶᠢᠯᠠᠭᠠᠭᠰᠠᠨ ᠢᠶᠠᠷ᠂ ᠡᠳᠡᠭᠡᠷ ᠵᠦᠢᠯᠡᠰ ᠨᠢ ᠭᠤᠣᠯᠳᠠᠭᠤ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ | ᠠᠵᠤ ᠠᠬᠤᠶ᠂ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠢᠳᠡᠭᠡᠨ ᠤᠮᠳᠠᠭᠠᠨ ᠤ ᠦᠢᠯᠡᠰ᠂ | ᠪᠥᠭᠡᠮ ᠢᠶᠠᠷ ᠬᠤᠳᠠᠯᠳᠤᠬᠤ ᠦᠢᠯᠡᠰ᠂ ᠪᠠᠷᠢᠯᠭ᠎ᠠ ᠶᠢᠨ ᠦᠢᠯᠡᠰ᠂ ᠵᠠᠮ ᠲᠡᠭᠡᠭᠡᠪᠦᠷᠢ ᠶᠢᠨ ᠦᠢᠯᠡᠰ᠂ ᠪᠠᠭᠤᠳᠠᠯ ᠤᠨ | ᠦᠢᠯᠡᠰ᠂ ᠮᠡᠳᠡᠭᠡ ᠵᠠᠩᠭᠢ ᠶᠢᠨ ᠳᠠᠮᠵᠢᠯᠭᠠᠨ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠰᠣᠶᠣᠯ ᠤᠷᠠᠯᠢᠭ ᠤᠨ ᠦᠢᠯᠡᠰ ᠵᠡᠷᠭᠡ ᠬᠦᠷᠢᠶ᠎ᠡ ᠬᠡᠪᠴᠢᠶᠡᠨ ᠳᠤ ᠬᠤᠯᠪᠤᠭᠳᠠᠨ᠎ᠠ᠃ ᠣᠷᠣᠰ᠂ ᠮᠣᠩᠭᠤᠯ ᠤᠯᠤᠰ᠂ | ᠠᠷᠠᠪ ᠤᠨ ᠬᠤᠯᠪᠣᠭᠠᠲᠤ ᠠᠬᠠᠮᠳᠳᠦ ᠤᠯᠤᠰ᠂ ᠲᠠᠢ ᠤᠯᠤᠰ᠂ ᠺᠠᠮᠪᠣᠵᠠ ᠵᠡᠷᠭᠡ ᠤᠯᠤᠰ ᠲᠠᠢ ᠬᠤᠯᠪᠤᠭᠳᠠᠨ᠎ᠠ᠃ | ᠣᠷᠣᠰ ᠤᠨ ᠪᠡᠯᠡ ᠣᠷᠣᠭᠤᠯᠤᠯᠲᠠ ᠶᠢᠨ ᠲᠠᠯ᠎ᠠ ᠪᠠᠷ᠂ ᠮᠠᠨ ᠤ ᠤᠷᠤᠨ ᠤ18 ᠠᠵᠤ ᠠᠬᠤᠶᠢᠯᠠᠯ ᠣᠷᠣᠰ ᠤᠨ ᠬᠢᠯᠢ | ᠳᠤᠲᠤᠷ᠎ᠠ ᠪᠡᠯᠡ ᠤᠷᠤᠭᠤᠯᠬᠤ ᠪᠠᠷ ᠳᠠᠩᠰᠠᠯᠠᠭᠤᠯᠵᠤ᠂ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ ᠨᠢ | ᠠᠳᠠᠯᠢ ᠬᠤᠭᠤᠴᠠᠭᠠᠨ ᠤ ᠬᠢ ᠠᠴᠠ 80.0% ᠨᠡᠮᠡᠭᠳᠡᠵᠦ᠂ ᠳᠤᠮᠳᠠᠳᠤ ᠤᠯᠤᠰ ᠤᠨ ᠲᠠᠯ᠎ᠠ ᠶᠢᠨ ᠬᠡᠯᠡᠯᠴᠡᠨ | ᠲᠤᠭᠲᠠᠭᠰᠠᠨ ᠪᠡᠯᠡ ᠣᠷᠣᠭᠤᠯᠤᠯᠲᠠ ᠶᠢᠨ ᠲᠤᠭ᠎ᠠ ᠨᠢ 5902.41 ᠲᠦᠮᠡᠨ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 203.0% ᠨᠡᠮᠡᠭᠳᠡᠪᠡ᠃ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠨᠢ | ᠭᠤᠣᠯᠳᠠᠭᠤ ᠣᠶ ᠮᠤᠳᠤ ᠣᠭᠲᠣᠯᠬᠤ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠪᠠᠰᠠ ᠢᠳᠡᠭᠡᠨ ᠪᠣᠯᠪᠠᠰᠤᠷᠠᠭᠤᠯᠬᠤ᠂ | ᠵᠣᠴᠢᠳ ᠤᠨ ᠪᠠᠭᠤᠳᠠᠯ᠂ ᠪᠥᠭᠡᠮ ᠢᠶᠠᠷ ᠪᠤᠷᠤᠯᠠᠭᠤᠯᠵᠤ ᠵᠢᠵᠢᠭᠯᠡᠨ ᠬᠤᠳᠠᠯᠳᠤᠬᠤ ᠵᠡᠷᠭᠡ ᠪᠤᠯᠤᠨ᠎ᠠ᠃ |