ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠢᠯᠡ ᠪᠠᠷ ᠠᠵᠢᠯᠲᠠᠨ ᠡᠯᠰᠡᠬᠦ ᠶᠢ ᠬᠡᠷᠡᠭᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/5/31
      ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠷᠴᠢᠮᠬᠠᠨ ᠳᠤ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾᠎ ᠢ ᠳᠠᠷᠤᠮᠠᠯᠯᠠᠨ ᠲᠠᠷᠬᠠᠭᠠᠪᠠ᠃ ᠰᠠᠨᠠᠯ ᠳᠤ ᠲᠣᠳᠣᠷᠬᠠᠶᠢᠯᠠᠭᠰᠠᠨ ᠨᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠨᠦᠭᠦᠳ ᠣᠷᠣᠨ ᠲᠣᠭᠠᠨ ᠤ ᠳᠣᠲᠤᠷ᠎ᠠ ᠠᠵᠢᠯᠳᠠᠨ ᠰᠢᠨ᠎ᠡ ᠪᠠᠷ ᠡᠯᠰᠡᠬᠦ ᠳᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠬᠤ᠂ ᠺᠠᠳ᠋ᠷ ᠢ ᠬᠠᠮᠢᠶᠠᠷᠬᠤ ᠡᠷᠬᠡ ᠮᠡᠳᠡᠯ ᠢᠶᠠᠷ ᠳᠡᠭᠡᠳᠦ ᠱᠠᠲᠤᠨ ᠠᠴᠠ ᠲᠤᠰᠢᠶᠠᠯ ᠳᠤ ᠲᠣᠮᠢᠯᠠᠬᠤ ᠵᠢᠴᠢ ᠨᠢᠭᠤᠴᠠ ᠳᠤ ᠬᠤᠯᠪᠣᠭᠳᠠᠬᠤ ᠲᠤᠰᠢᠶᠠᠯ ᠤᠨ ᠪᠠᠶᠢᠷᠢ ᠵᠡᠷᠭᠡ ᠳᠤ ᠦᠨᠡᠨᠬᠦ ᠬᠡᠷᠡᠭᠯᠡᠬᠦ ᠴᠢᠬᠤᠯᠠᠲᠠᠶ ᠪᠠᠶᠢᠬᠤ ᠪᠤᠰᠤᠳ ᠠᠷᠭ᠎ᠠ ᠪᠠᠷ ᠠᠵᠢᠯᠲᠠᠨ ᠰᠢᠯᠢᠨ ᠡᠯᠰᠡᠬᠦ ᠶᠢ ᠭᠠᠷᠭᠠᠪᠠᠯ᠂ ᠣᠷᠤᠨ ᠲᠣᠭᠠᠨ ᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠨᠢᠭᠡᠴᠡ ᠶᠢᠨ ᠣᠷᠣᠨ ᠲᠤᠭ᠎ᠠ ᠪᠠ ᠠᠵᠢᠯᠲᠠᠨ ᠡᠯᠰᠡᠬᠦ ᠲᠥᠯᠥᠪᠯᠡᠭᠡ ᠶᠢᠨ ᠳᠣᠲᠤᠷ᠎ᠠ᠂ ᠨᠡᠶᠢᠭᠡᠮ ᠳᠤ ᠬᠠᠨᠳᠤᠭᠤᠯᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠢᠯᠡ ᠪᠠᠷ ᠡᠯᠰᠡᠬᠦ ᠬᠡᠷᠡᠭᠲᠡᠢ ᠭᠡᠪᠡ᠃      ᠰᠠᠨᠠᠯ ᠳᠤ ᠲᠣᠳᠣᠷᠬᠠᠶᠢᠯᠠᠭᠰᠠᠨ ᠨᠢ᠂ ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠬᠤᠰᠢᠭᠤ ᠰᠢᠶᠠᠨ ︵ᠬᠤᠳᠠ᠂ ᠲᠣᠭᠤᠷᠢᠭ︶᠂ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠦᠭᠡᠳ ᠰᠢᠯᠭᠠᠭᠤᠯᠬᠤ ᠬᠠᠷᠢᠴᠠᠯ ᠢ ᠵᠣᠬᠢᠰᠲᠠᠶ ᠪᠠᠷ ᠪᠠᠭᠤᠷᠠᠭᠤᠯᠬᠤ ᠬᠡᠷᠡᠭᠲᠡᠶ᠃ ᠦᠨᠳᠦᠰᠦᠲᠡᠨ ᠤ ᠠᠷᠠᠳ ᠤᠨ ᠳᠤᠮᠳᠠ ᠪᠣᠳᠠᠰ ᠤᠨ ᠪᠤᠰᠤ ᠰᠣᠶᠣᠯ ᠤᠨ ᠥᠪ ᠢ ᠰᠣᠳᠤᠯᠵᠦ᠂ ᠬᠠᠮᠠᠭᠠᠯᠠᠵᠤ᠂ ᠤᠯᠠᠮᠵᠢᠯᠠᠨ ᠵᠠᠯᠭᠠᠮᠵᠢᠯᠠᠵᠤ᠂ ᠳᠡᠯᠭᠡᠨ ᠦᠵᠡᠭᠦᠯᠦᠯᠭᠡ ᠬᠢᠵᠦ ᠪᠠᠶᠢᠭ᠎ᠠ ᠰᠣᠶᠣᠯ ᠤᠷᠠᠯᠢᠭ ᠤᠨ ᠲᠥᠷᠥᠯ ᠤᠨ ᠪᠠᠶᠢᠭᠤᠯᠤᠮᠵᠢ᠂ ᠬᠠᠮᠢᠶ᠎ᠠ ᠪᠥᠬᠦᠢ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠯᠡ ᠪᠠᠷ ᠡᠯᠰᠡᠬᠦ ᠳᠡᠭᠡᠨ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠭᠠᠵᠠᠷ ᠣᠷᠣᠨ᠂ ᠲᠤᠰ ᠨᠢᠭᠡᠴᠡ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠢᠳᠠᠪᠤᠷᠢᠲᠠᠨ ᠤ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠤᠷᠠᠯᠢᠭ ᠤᠨ ᠠᠮᠵᠢᠯᠲᠠ ᠶᠢ ᠨᠢ ᠴᠢᠬᠤᠯᠠᠴᠢᠯᠠᠵᠤ᠂ ᠠᠵᠢᠯᠲᠠᠨ ᠡᠯᠰᠡᠬᠦ ᠠᠷᠭ᠎ᠠ ᠮᠠᠶ᠋ᠢᠭ ᠢᠶᠠᠨ ᠵᠦᠢ ᠵᠣᠬᠢᠰᠲᠠᠶ ᠲᠣᠭᠲᠠᠭᠠᠵᠤ ᠪᠣᠯᠤᠨ᠎ᠠ᠃ ᠠᠳᠠᠯᠢ ᠪᠤᠰᠤ ᠪᠠᠶᠢᠳᠠᠯ ᠳᠤ ᠴᠢᠭᠯᠡᠭᠦᠯᠵᠦ᠂ ᠳᠡᠰ ᠳᠠᠷᠠᠭᠠᠯᠠᠯ ᠢ ᠵᠣᠬᠢᠰᠲᠠᠶ ᠪᠠᠷ ᠳᠦᠭᠦᠮᠴᠢᠯᠡᠨ᠂ ᠪᠢᠷ ᠤᠨ ᠰᠢᠯᠭᠠᠯᠲᠠ ᠪᠠ ᠨᠢᠭᠤᠷᠳᠠᠬᠤ ᠰᠢᠯᠭᠠᠯᠲᠠ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ ᠬᠢᠨᠠᠨ ᠰᠢᠯᠭᠠᠬᠤ᠂ ᠬᠢᠨᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠨ ᠢᠯᠡ ᠪᠠᠷ ᠠᠵᠢᠯᠲᠠᠨ ᠡᠯᠰᠡᠵᠦ ᠪᠣᠯᠤᠨ᠎ᠠ᠃ ᠢᠯᠡ ᠪᠠᠷ ᠡᠯᠰᠡᠭᠳᠡᠭᠰᠡᠨ ᠠᠵᠢᠯᠲᠠᠨ ᠳᠤ ᠪᠣᠯ ᠲᠣᠭᠲᠠᠭᠠᠯ ᠶᠣᠰᠣᠭᠠᠷ ᠲᠤᠷᠰᠢᠨ ᠬᠡᠷᠡᠭᠯᠡᠬᠦ ᠬᠤᠭᠤᠴᠠᠭ᠎ᠠ ᠶᠢᠨ ᠲᠦᠷᠢᠮ ᠢ ᠬᠡᠷᠡᠭᠵᠢᠭᠦᠯᠵᠦ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠪᠠᠯ ᠵᠢᠩᠬᠢᠨᠢ ᠪᠠᠷ ᠡᠯᠰᠡᠨ ᠬᠡᠷᠡᠭᠯᠡᠵᠦ᠂ ᠬᠢᠷᠢ ᠲᠡᠩᠴᠡᠭᠰᠡᠨ ᠤᠢᠭᠡᠢ ᠪᠣᠯ ᠡᠯᠰᠡᠬᠦ ᠦᠭᠡᠢ᠃ ᠣᠷᠣᠨ ᠲᠣᠭᠠᠨ ᠠᠴᠠ ᠭᠠᠳᠠᠨ᠎ᠠ ᠠᠵᠢᠯᠲᠠᠨ ᠡᠯᠰᠡᠬᠦ ᠳᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠨᠢ ᠢᠯᠡ ᠪᠠᠷ ᠡᠯᠰᠡᠬᠦ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠠᠵᠢᠯᠲᠠᠨ ᠡᠯᠰᠡᠬᠦ ᠠᠷᠭ᠎ᠠ ᠮᠠᠶ᠋ᠢᠭ ᠪᠠ ᠳᠡᠰ ᠳᠠᠷᠠᠭᠠᠯᠠᠯ ᠢᠶᠠᠨ ᠦᠪᠡᠰᠦᠪᠡᠨ ᠲᠣᠭᠲᠠᠭᠠᠬᠤ ᠬᠡᠷᠡᠭᠲᠡᠢ ᠭᠡᠪᠡ᠃      ᠲᠤᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠶᠢᠨ ᠲᠠᠯ᠎ᠠ ᠪᠠᠷ᠂ ᠥᠪᠥᠷ ᠮᠣᠩᠭᠤᠯ ᠤᠨ ᠰᠣᠶᠣᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠭᠰᠡᠨ ᠨᠢ᠂ ᠥᠭᠡᠷᠡᠴᠢᠯᠡᠯᠲᠡ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠤᠭᠳᠠᠨ᠎ᠠ᠂ ᠡᠶᠢᠮᠦ ᠠᠴᠠ ᠡᠯ᠎ᠡ ᠠᠶᠢᠮᠠᠭ ᠬᠤᠲᠠ ᠨᠤᠭᠤᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠲᠣᠭᠲᠠᠴᠠ ᠶᠢᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰ ᠰᠠᠯᠠᠭ᠎ᠠ ᠮᠥᠴᠢᠷ ᠲᠤᠬᠠᠢ ᠶᠢᠨ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡᠳᠦᠯᠲᠡᠶ ᠲᠦᠯᠦᠪᠵᠢᠭᠦᠯᠦᠨ᠂ ᠲᠦᠷᠦᠯ ᠬᠤᠪᠢᠶᠠᠨ ᠵᠢᠯᠣᠭᠤᠳᠴᠤ᠂ ᠦᠨᠡᠨᠬᠦ ᠬᠡᠷᠡᠭᠵᠢᠭᠦᠯᠦᠭᠦᠰᠢᠲᠡᠢ ᠠᠷᠭ᠎ᠠ ᠬᠡᠮᠵᠢᠶ᠎ᠡ ᠲᠣᠭᠲᠠᠭᠠᠵᠤ᠂ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢ ᠤᠷᠤᠨ ᠠᠴᠠ ᠱᠠᠭᠠᠷᠳᠠᠵᠤ ᠪᠠᠶᠢᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号