ᠪᠦᠬᠦ ᠣᠷᠣᠨ ᠤ ᠬᠤᠳᠠ ᠶᠢᠨ ᠡᠷᠭᠢᠨ ᠲᠣᠭᠤᠷᠢᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠵᠤ ᠬᠢᠨᠠᠨ ᠬᠠᠷᠭᠤᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/5/4
      4 ᠳ᠋ᠤᠭᠡᠷ ᠰᠠᠷ᠎ᠠ ᠶᠢᠨ 28᠎ ᠤ ᠡᠳᠦᠷ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠬᠥᠬᠡᠬᠤᠲᠠ ᠳᠤ ᠪᠦᠬᠦ ᠣᠷᠣᠨ ᠤ ᠬᠤᠳᠠ ᠶᠢᠨ ᠡᠷᠭᠢᠨ ᠲᠣᠭᠤᠷᠢᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠡᠭᠦᠷᠭᠡ ᠶᠢ ᠨᠣᠳ᠋ᠯᠠᠨ ᠬᠢᠨᠠᠨ ᠬᠠᠷᠭᠤᠭᠤᠯᠬᠤ ᠬᠤᠷᠠᠯ ᠢ ᠬᠠᠮᠲᠤᠷᠠᠨ ᠬᠤᠷᠠᠯᠳᠤᠭᠤᠯᠪᠠ᠃ ᠲᠢᠩᠬᠢᠮ ᠤᠨ ᠳᠡᠳ᠋ ᠳᠠᠷᠤᠭ᠎ᠠ ᠵᠣᠣ ᠳ᠋ᠠ ᠶᠥᠡᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠮᠢᠶ᠎ᠠ ᠪᠥᠬᠦᠢ ᠭᠠᠵᠠᠷ ᠠᠯᠪᠠᠨ ᠭᠡᠷ᠂ ᠬᠤᠶᠠᠳᠤᠭᠠᠷ ᠱᠠᠲᠤᠨ ᠤ ᠨᠢᠭᠡᠴᠡ ᠶᠢᠨ ᠬᠠᠷᠢᠭᠤᠴᠠᠯᠭᠠᠲᠠᠳ᠂ ᠡᠯ᠎ᠡ ᠠᠶᠢᠮᠠᠭ ᠬᠤᠳᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠠᠲᠠᠷ ᠬᠠᠮᠠᠭᠠᠯᠠᠯᠲᠠ ᠶᠢᠨ ᠰᠠᠯᠠᠭᠠᠨ ᠳᠠᠷᠤᠭ᠎ᠠ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ᠂ ᠲᠦᠩᠯᠢᠶᠣᠤ ᠬᠤᠳᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ ᠵᠡᠷᠭᠡ ᠲᠠᠪᠤᠨ ᠠᠶᠢᠮᠠᠭ ᠬᠤᠳᠠ ᠶᠢᠨ ᠡᠷᠭᠢᠨ ᠲᠣᠭᠤᠷᠢᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠡᠭᠦᠷᠭᠡ ᠶᠢ ᠬᠢᠨᠠᠨ ᠬᠠᠷᠭᠤᠭᠤᠯᠤᠭᠰᠠᠨ ᠭᠡᠷᠡᠴᠢᠯᠡᠭᠡ ᠶᠢᠨ ᠪᠠᠶᠢᠳᠠᠯ ᠢ ᠨᠤᠳ᠋ᠯᠠᠨ ᠬᠢᠨᠠᠨ ᠬᠠᠷᠭᠤᠭᠤᠯᠵᠤ᠂ ᠣᠳᠣᠬᠠᠨ ᠤ ᠵᠠᠭᠠᠭᠯᠠᠨ ᠲᠣᠭᠲᠠᠭᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠲᠠᠢ ᠤᠶᠠᠯᠳᠤᠭᠤᠯᠤᠨ ᠰᠠᠨᠠᠯ ᠢᠶᠠᠨ ᠰᠣᠯᠢᠯᠴᠠᠭᠰᠠᠨ ᠤ ᠬᠠᠮᠲᠤ ᠲᠡᠷᠡᠭᠠᠴᠢ ᠶᠢᠨ ᠠᠯᠬᠤᠮ ᠤᠨ ᠵᠠᠭᠠᠭᠯᠠᠨ ᠲᠣᠭᠲᠠᠭᠠᠬᠤ ᠠᠵᠢᠯ ᠢ ᠲᠦᠯᠬᠢᠨ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号