ᠥᠪᠥᠷ ᠮᠣᠩᠭᠤᠯ ᠰᠤᠷᠭᠠᠭᠤᠯᠢ ᠶᠢᠨ ᠨᠠᠰᠤᠨ ᠠᠴᠠ ᠡᠮᠦᠨᠡᠬᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠨᠳᠦᠰᠦᠲᠡᠨ ᠤ ᠰᠤᠷᠭᠠᠨ ᠬᠥᠮᠦᠵᠢᠯ ᠢ ᠲᠥᠷᠭᠡᠨ ᠬᠦᠭᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2016/5/4
     ︽13· 5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠰᠤᠷᠭᠠᠭᠤᠯᠢ ᠶᠢᠨ ᠨᠠᠰᠤᠨ ᠠᠴᠠ ᠡᠮᠦᠨᠡᠬᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠨᠳᠦᠰᠦᠲᠡᠨ ᠤ ᠰᠤᠷᠭᠠᠨ ᠬᠥᠮᠦᠵᠢᠯ ᠢ ᠲᠥᠷᠭᠡᠨ ᠬᠥᠭᠵᠢᠭᠦᠯᠵᠦ᠂ 2020 ᠣᠨ ᠪᠣᠯᠬᠤ ᠳᠤ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠭᠤᠣᠯ ᠭᠦᠢᠴᠡᠳᠬᠡᠬᠦ ᠲᠤᠭ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠠᠴᠠ ᠦᠨᠳᠦᠷ ᠪᠣᠯᠭᠠᠬᠤ ᠪᠠᠷ ᠴᠢᠷᠮᠠᠶᠢᠨ᠎ᠠ᠃ ᠣᠶᠢᠯᠠᠭᠠᠭᠰᠠᠨ ᠢᠶᠠᠷ᠂ ᠴᠥᠭᠡᠨ ᠲᠣᠭᠠᠲᠤ ᠦᠨᠳᠦᠰᠦᠲᠡᠨ ᠤ ᠬᠡᠦᠬᠡᠳ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠥᠮᠦᠵᠢᠯ ᠤᠨ  ᠲᠥᠭᠡᠮᠡᠯᠵᠢᠭᠦᠯᠬᠦ ᠨᠤᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ︽13· 5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠮᠣᠩᠭᠤᠯ ᠬᠢᠲᠠᠳ ᠬᠤᠶᠠᠷ ᠬᠡᠯᠡ ᠪᠠᠷ ᠬᠢᠴᠢᠶᠡᠯᠡᠬᠦ ᠰᠤᠷᠭᠠᠭᠤᠯᠢ  ᠶᠢᠨ  ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠲᠤ ᠠᠯᠪᠠᠨ ᠠᠴᠠ ᠡᠷᠬᠢᠯᠡᠬᠦ ᠪᠠᠶᠢᠭᠤᠯᠤᠯ ᠢ  ᠬᠡᠷᠡᠭᠵᠢᠭᠦᠯᠬᠦ ᠪᠥᠭᠡᠳ ᠪᠤᠶᠢᠳᠠ ᠪᠥᠭᠯᠡᠭᠦᠦ ᠶᠠᠳᠠᠭᠤ ᠬᠦᠴᠢᠷᠳᠡᠯ ᠲᠠᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠵᠡᠷᠭᠡ ᠪᠠᠷ  ᠭᠤᠣᠯ ᠪᠣᠯᠭᠠᠨ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠶᠢ ᠲᠦᠯᠬᠢᠨ ᠠᠬᠢᠭᠤᠯᠵᠤ᠂ ᠬᠠᠮᠢᠶ᠎ᠠ ᠪᠦᠬᠦᠢ ᠭᠠᠵᠠᠷ ᠣᠷᠣᠨ ᠳᠤ  ᠦᠨᠳᠦᠰᠦᠲᠡᠨ ᠤ ᠬᠡᠦᠬᠡᠳ ᠤᠨ ᠴᠡᠴᠡᠷᠯᠢᠭ ᠪᠠᠶᠢᠭᠤᠯᠬᠤ᠂ ᠪᠠᠭᠰᠢ ᠨᠠᠷ ᠢ ᠨᠡᠮᠡᠭᠳᠡᠭᠦᠯᠬᠦ ᠪᠠ  ᠬᠡᠦᠬᠡᠳ ᠤᠨ ᠴᠡᠴᠡᠷᠯᠢᠭ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ 2017 ᠣᠨ ᠪᠣᠯᠬᠤ ᠳᠤ ᠴᠥᠭᠡᠨ ᠲᠣᠭᠠᠲᠤ ᠦᠨᠳᠦᠰᠦᠲᠡᠨ ᠤ ᠬᠡᠦᠬᠡᠳ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠡᠴᠡᠷᠯᠢᠭ ᠲᠤ ᠣᠷᠣᠬᠤ ᠪᠦᠬᠦ ᠨᠤᠷᠮ᠎ᠠ ᠶᠢ 90%᠎ ᠠᠴᠠ ᠳᠡᠭᠡᠭᠰᠢ ᠬᠦᠷᠦᠭᠦᠯᠬᠦ ᠪᠠᠷ ᠴᠢᠷᠮᠠᠶᠢᠨ᠎ᠠ᠃ ᠤᠳᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠯ᠂ ᠬᠡᠪᠴᠢᠶ᠎ᠡ ᠶᠢ ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠥᠪᠥᠷ ᠮᠣᠩᠭᠤᠯ ᠪᠠᠰᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ︽13· 5︾᠎ ᠶᠢᠨ ᠬᠤᠭᠤᠴᠠᠭᠠᠨ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠮᠣᠩᠭᠤᠯ ᠬᠢᠲᠠᠳ ᠬᠤᠶᠠᠷ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠪᠠᠷᠢᠮᠵᠢᠶᠠᠵᠢᠭᠤᠯᠬᠤ ᠶᠢ ᠬᠦᠴᠦᠯᠡᠨ ᠪᠡᠶᠡᠯᠡᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ  ᠪᠠᠬᠢᠵᠢᠯ ᠤᠨ ᠨᠤᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠵᠦ᠂ ᠬᠤᠰᠢᠭᠤ ᠰᠢᠶᠠᠨ ᠤ ᠣᠷᠣᠨ ᠪᠦᠰᠡ ᠶᠢᠨ ᠬᠡᠪᠴᠢᠶᠡᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号