2016 ᠣᠨ ᠳᠤ᠂ ᠳᠤᠮᠳᠠᠳᠤ ᠤᠯᠤᠰ ᠤᠨ ᠲᠥᠯᠥᠪᠯᠡᠭᠡ ᠲᠠᠢ ᠪᠠᠷ ᠬᠡᠦᠬᠡᠳ ᠠᠪᠬᠤ ᠨᠡᠶᠢᠭᠡᠮᠯᠢᠭ ᠪᠣᠯᠣᠨ | ᠳᠤᠮᠳᠠᠳᠤ ᠤᠯᠤᠰ ᠤᠨ ᠬᠥᠮᠦᠨ ᠠᠮᠠ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠥᠪᠥᠷ | ᠮᠣᠩᠭᠤᠯ ᠳᠤ ᠲᠥᠷᠥᠯ ᠵᠦᠢᠯ ᠤᠨ ᠳᠡᠮᠵᠢᠯᠭᠡ ᠦᠵᠡᠭᠦᠯᠬᠦ ᠡᠷᠴᠢᠮ ᠢᠶᠠᠨ ᠨᠡᠮᠡᠭᠳᠡᠭᠦᠯᠵᠦ᠂ ᠨᠡᠶᠢᠲᠡ 13 ᠲᠥᠷᠥᠯ | ᠵᠦᠢᠯ᠂ 826 ᠲᠦᠮᠡᠨ ᠲᠥᠭᠦᠷᠢᠭ ᠤᠨ ᠪᠡᠯᠡ ᠮᠥᠩᠭᠦ ᠪᠠᠷ ᠳᠡᠮᠵᠢᠪᠡ᠃ ᠪᠦᠷᠢᠨ ᠪᠤᠰᠤ ᠪᠦᠷᠢᠳᠬᠡᠯ ᠢ | ᠦᠨᠳᠦᠰᠦᠯᠡᠪᠡᠯ᠂ 2016 ᠣᠨ ᠳᠤ᠂ ᠳᠤᠮᠳᠠᠳᠤ ᠤᠯᠤᠰ ᠤᠨ ᠲᠥᠯᠥᠪᠯᠡᠭᠡ ᠲᠠᠢ ᠪᠠᠷ ᠬᠡᠦᠬᠡᠳ ᠠᠪᠬᠤ ᠨᠡᠶᠢᠭᠡᠮᠯᠢᠭ | ᠪᠣᠯᠣᠨ ᠳᠤᠮᠳᠠᠳᠤ ᠤᠯᠤᠰ ᠤᠨ ᠬᠥᠮᠦᠨ ᠠᠮᠠ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠵᠣᠯ | ᠵᠢᠷᠭᠠᠯᠠᠩᠲᠤ ᠢᠨᠵᠧᠨᠧᠷᠢᠩ ᠤᠨ ᠵᠣᠬᠢᠶᠠᠨ ᠪᠠᠶᠢᠭᠤᠯᠬᠤ ᠺᠣᠮᠢᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ13 ᠲᠥᠷᠥᠯ ᠵᠦᠢᠯ ᠲᠣᠬᠢᠷᠠᠭᠤᠯᠵᠤ᠂ 424 ᠲᠦᠮᠡᠨ ᠲᠥᠬᠦᠷᠢᠭ ᠤᠨ ᠪᠡᠯᠡ ᠮᠥᠩᠭᠦ ︵ᠲᠦᠷᠦᠯ | ᠵᠦᠢᠯ ᠤᠨ ᠵᠠᠷᠤᠳᠠᠯ 404 ᠲᠦᠮᠡᠨ ᠲᠥᠭᠦᠷᠢᠭ᠂ ᠠᠵᠢᠯ ᠤᠨ ᠵᠠᠷᠤᠳᠠᠯ 20 ᠲᠦᠮᠡᠨ ᠲᠥᠭᠦᠷᠢᠭ ᠪᠠᠭᠲᠠᠨ᠎ᠠ︶ | ᠣᠷᠣᠭᠤᠯᠪᠠ᠃ ᠡᠭᠦᠨ ᠳᠤ ᠳᠤᠮᠳᠠᠳᠤ ᠤᠯᠤᠰ ᠤᠨ ᠲᠥᠯᠥᠪᠯᠡᠭᠡ ᠲᠠᠢ ᠪᠠᠷ ᠬᠡᠦᠭᠡᠳ ᠠᠪᠬᠤ ᠨᠡᠶᠢᠭᠡᠮᠯᠢᠭ ᠠᠴᠠ 7 | ᠲᠥᠷᠥᠯ ᠵᠦᠢᠯ ᠲᠣᠬᠢᠷᠠᠭᠤᠯᠵᠤ᠂ 74 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠂ | ᠲᠥᠯᠥᠪᠯᠡᠭᠡ ᠲᠠᠢ ᠪᠠᠷ ᠬᠡᠦᠭᠡᠳ ᠠᠪᠬᠤ ᠣᠨᠴᠠᠭᠠᠶ ᠭᠡᠷ ᠪᠦᠯᠢ ᠶᠢ ᠬᠠᠪᠰᠤᠷᠤᠨ ᠲᠡᠳᠬᠦᠬᠦ᠂ ᠣᠯᠠᠨ ᠲᠦᠮᠡᠨ ᠤ | ᠥᠪᠡᠷᠲᠡᠭᠡᠨ ᠵᠠᠰᠠᠬᠤ᠂ ᠦᠷᠡᠵᠢᠯ ᠤᠨ ᠡᠷᠡᠭᠦᠯ ᠮᠡᠨᠳᠦ᠂ ᠵᠠᠯᠠᠭᠤ ᠨᠠᠰᠤᠨ ᠤ ᠡᠷᠡᠭᠦᠯ ᠮᠡᠨᠳᠦ ᠪᠣᠯᠣᠨ ᠶᠠᠪᠤᠭᠤᠯ | ᠬᠥᠮᠦᠨ ᠠᠮᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠷᠥᠯ ᠵᠦᠢᠯ ᠢ ᠦᠷᠨᠢᠭᠦᠯᠦᠨ᠎ᠡ︔ ᠳᠤᠮᠳᠠᠳᠤ | ᠤᠯᠤᠰ ᠤᠨ ᠬᠥᠮᠦᠨ ᠠᠮᠠ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠵᠣᠯ ᠵᠢᠷᠭᠠᠯᠠᠩᠲᠤ | ᠢᠨᠵᠧᠨᠧᠷᠢᠩ ᠤᠨ ᠵᠣᠬᠢᠶᠠᠨ ᠪᠠᠶᠢᠭᠤᠯᠬᠤ ᠺᠣᠮᠢᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠵᠣᠯ ᠵᠢᠷᠭᠠᠯᠠᠩᠲᠤ ᠢᠨᠵᠧᠨᠧᠷᠢᠩ ᠤᠨ ᠲᠥᠷᠥᠯ ᠵᠦᠢᠯ 6 ᠶᠢ ᠲᠣᠬᠢᠷᠠᠭᠤᠯᠤᠨ᠂ 330 ᠲᠦᠮᠡᠨ ᠲᠥᠭᠦᠷᠢᠭ ᠤᠨ | ᠪᠡᠯᠡ ᠮᠥᠩᠭᠦ ᠣᠷᠣᠭᠤᠯᠵᠤ᠂ ᠲᠥᠯᠥᠪᠯᠡᠭᠡ ᠲᠠᠢ ᠪᠠᠷ ᠬᠡᠦᠬᠡᠳ ᠠᠪᠬᠤ ᠶᠠᠳᠠᠭᠤ ᠬᠦᠴᠢᠷᠳᠡᠯ ᠲᠠᠢ ᠡᠵᠢ ᠶᠢᠨ ᠭᠡᠷ | ᠪᠦᠯᠢ ᠶᠢ ᠬᠠᠪᠰᠤᠷᠤᠨ ᠳᠠᠷᠢᠵᠤ ᠲᠡᠵᠢᠭᠡᠬᠦ ᠦᠢᠯᠡᠰ ᠦᠷᠨᠢᠭᠦᠯᠦᠨ᠎ᠡ᠃ ᠲᠥᠷᠥᠯ ᠵᠦᠢᠯ ᠤᠨ ᠱᠠᠭᠠᠷᠳᠠᠯᠭ᠎ᠠ | ᠶᠣᠰᠣᠭᠠᠷ᠂ ᠲᠥᠷᠥᠯ ᠵᠦᠢᠯ ᠤᠨ ᠭᠠᠵᠠᠷ ᠣᠷᠣᠨ ᠳᠤ 402 ᠲᠦᠮᠡᠨ ᠲᠥᠭᠦᠷᠢᠭ ᠢᠵᠢ ᠪᠦᠷᠢᠳᠦᠭᠦᠯᠪᠡ᠃ | ᠢᠩᠭᠢᠭᠡᠳ 2016 ᠣᠨ ᠳᠤ᠂ ᠳᠤᠮᠳᠠᠳᠤ ᠤᠯᠤᠰ ᠤᠨ ᠲᠥᠯᠥᠪᠯᠡᠭᠡ ᠲᠠᠢ ᠪᠠᠷ ᠬᠡᠦᠭᠡᠳ ᠠᠪᠬᠤ ᠨᠡᠶᠢᠭᠡᠮᠯᠢᠭ | ᠪᠣᠯᠣᠨ ᠬᠥᠮᠦᠨ ᠠᠮᠠ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠥᠷᠥᠯ ᠵᠦᠢᠯ ᠦᠷᠨᠢᠭᠦᠯᠬᠦ ᠶᠡᠷᠦᠩᠬᠡᠶ ᠪᠡᠯᠡ ᠣᠷᠣᠭᠤᠯᠤᠯᠲᠠ ᠨᠢ 826 | ᠲᠦᠮᠡᠨ ᠲᠥᠭᠦᠷᠢᠭ ᠲᠤ ᠬᠦᠷᠪᠡ᠃ |