ᠥᠪᠥᠷ ᠮᠣᠩᠭᠤᠯ ᠡᠮ ᠤᠨ ᠵᠦᠢᠯ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠬᠡᠶᠢᠰᠪᠦᠷᠢ ᠦᠨ᠎ᠡ ᠶᠢ ᠪᠠᠭᠤᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/5/4
     ᠡᠨᠡ ᠵᠢᠯ ᠮᠠᠨ ᠤ ᠣᠷᠣᠨ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠡᠮ ᠲᠣᠬᠢᠷᠠᠭᠤᠯᠤᠨ ᠬᠡᠷᠡᠭᠯᠡᠬᠦ ᠶᠢ ᠵᠢᠷᠤᠮᠵᠢᠭᠤᠯᠵᠤ᠂ ᠡᠮ ᠪᠠ ᠡᠮᠴᠢᠯᠡᠭᠡᠨ ᠲᠤ ᠬᠡᠷᠡᠭᠯᠡᠬᠦ ᠬᠤᠷᠣᠭᠳᠠᠯ ᠶᠡᠬᠡᠲᠡᠢ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠨ᠎ᠡ ᠠᠷᠭ᠎ᠠ ᠬᠡᠮᠵᠢᠶ᠎ᠡ ᠠᠪᠴᠤ᠂ ᠡᠮ ᠪᠠ ᠡᠮᠴᠢᠯᠡᠭᠡᠨ ᠲᠤ ᠬᠡᠷᠡᠭᠯᠡᠬᠦ ᠬᠤᠷᠣᠭᠳᠠᠯ ᠶᠡᠬᠡᠲᠡᠶ ᠮᠠᠲ᠋ᠧᠷᠢᠶᠠᠯ ᠤᠨ ᠬᠡᠶᠢᠰᠪᠦᠷᠢ ᠦᠨ᠎ᠡ ᠶᠢ ᠴᠢᠷᠮᠠᠶᠢᠨ ᠪᠠᠭᠤᠷᠠᠭᠤᠯᠪᠠ᠃ ᠡᠮ ᠤᠨ ᠵᠦᠢᠯ ᠢ ᠬᠤᠳᠠᠯᠳᠤᠨ ᠠᠪᠬᠤ ᠲᠠᠯ᠎ᠠ ᠪᠠᠷ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠦᠯ ᠪᠣᠯᠤᠨ ᠨᠠᠷᠢᠨ ᠵᠢᠭᠠᠯᠲᠠ ᠶᠤᠰᠤᠭᠠᠷ᠂ ᠡᠮ ᠤᠨ ᠵᠦᠢᠯ ᠢ ᠲᠥᠷᠥᠯ ᠬᠤᠪᠢᠶᠠᠨ ᠬᠤᠳᠠᠯᠳᠤᠨ ᠠᠪᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠮ ᠤᠨ ᠵᠦᠢᠯ ᠢ ᠬᠤᠳᠠᠯᠳᠤᠨ ᠠᠪᠬᠤ ᠰᠢᠨ᠎ᠡ ᠲᠣᠭᠲᠠᠴᠠ ᠶᠢ ᠪᠤᠢ ᠪᠤᠯᠭᠠᠪᠠ᠃ ᠨᠢᠭᠡ ᠳᠤ᠂ ᠤᠯᠤᠰ ᠤᠨ ᠡᠮ ᠤᠨ ᠵᠦᠢᠯ ᠤᠨ ᠦᠨ᠎ᠡ ᠬᠠᠶᠠᠯᠴᠠᠬᠤ ᠲᠤᠷᠰᠢᠯᠲᠠ ᠶᠢᠨ ᠠᠵᠢᠯ ᠤᠨ ᠰᠠᠭᠤᠷᠢᠨ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠬᠡᠯᠡᠯᠴᠡᠭᠡᠷ ᠢᠶᠠᠷ ᠡᠮ ᠤᠨ ᠵᠦᠢᠯ ᠬᠤᠳᠠᠯᠳᠤᠨ ᠠᠪᠬᠤ ᠠᠵᠢᠯ ᠤᠨ ᠲᠥᠰᠦᠯ ᠲᠤᠭᠲᠠᠭᠠᠵᠤ᠂ ᠬᠤᠳᠠᠯᠳᠤᠨ ᠠᠪᠬᠤ ᠬᠡᠯᠡᠯᠴᠡᠭᠡᠷ ᠤᠨ ᠲᠤᠷᠰᠢᠯᠲᠠ ᠶᠢᠨ ᠠᠵᠢᠯ ᠢ ᠥᠷᠨᠢᠭᠦᠯᠵᠦ᠂ ᠬᠡᠯᠡᠯᠴᠡᠭᠡᠷ ᠢᠶᠠᠷ ᠬᠤᠳᠠᠯᠳᠤᠨ ᠠᠪᠬᠤ ᠡᠮ ᠤᠨ ᠲᠦᠷᠦᠯ ᠵᠦᠢᠯ ᠤᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠮᠤᠵᠢ ᠶᠢᠨ ᠬᠤᠭᠤᠷᠣᠨᠳᠣ ᠣᠷᠣᠨ ᠪᠦᠰᠡ ᠠᠯᠤᠰᠯᠠᠨ ᠬᠠᠮᠲᠤᠷᠠᠨ ᠬᠤᠳᠠᠯᠳᠤᠨ ᠠᠪᠬᠤ ᠶᠢ ᠰᠦᠪᠡᠭᠴᠢᠯᠡᠵᠦ᠂ ᠲᠤᠰᠬᠠᠶ ᠠᠰᠢᠭ ᠤᠨ ᠡᠮ ᠪᠠ ᠪᠡᠶ᠎ᠡ ᠪᠠᠨ ᠳᠠᠭᠠᠭᠠᠵᠤ ᠦᠢᠯᠡᠳᠪᠦᠷᠢᠯᠡᠬᠦ ᠡᠮ ᠤᠨ ᠵᠦᠢᠯ ᠤᠨ ᠦᠨ᠎ᠡ ᠬᠠᠩᠰᠢ ᠶᠢ ᠦᠨᠡᠨ ᠬᠦ ᠪᠠᠭᠤᠷᠠᠭᠤᠯᠪᠠ᠃ ᠬᠤᠶᠠᠷ ᠲᠤ᠂ ᠰᠢᠭᠤᠳ ᠰᠦᠯᠵᠢᠶᠡᠨ ᠳᠤ ᠡᠯᠭᠦᠬᠦ ᠡᠮ ᠤᠨ ᠵᠦᠢᠯ ᠤᠨ ᠦᠨ᠎ᠡ ᠬᠠᠩᠰᠢ ᠶᠢ ᠬᠡᠯᠡᠯᠴᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠲᠤᠭᠲᠠᠭᠠᠵᠤ᠂ ᠡᠮᠡᠭᠲᠡᠶᠢᠴᠦᠳ᠂ ᠬᠡᠦᠬᠡᠳ᠂ ᠲᠦᠷᠭᠡᠨ ᠠᠪᠤᠷᠠᠬᠤ ᠵᠡᠷᠭᠡ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠵᠤ᠂ ᠡᠮ ᠤᠨ ᠵᠦᠢᠯ ᠤᠨ ᠦᠨ᠎ᠡ ᠬᠠᠩᠰᠢ ᠶᠢᠨ ᠳ᠋ᠠᠶᠢᠲ᠋ᠠ ᠶᠢᠨ ᠬᠦᠮᠦᠷᠭᠡ ᠶᠢ ᠲᠡᠭᠦᠯᠳᠡᠷᠵᠢᠭᠦᠯᠵᠦ᠂ ᠡᠮ ᠤᠨ ᠵᠦᠢᠯ ᠤᠨ ᠦᠨ᠎ᠡ ᠶᠢ ᠬᠤᠯᠪᠣᠭᠳᠠᠭᠤᠯᠤᠨ ᠬᠥᠳᠡᠯᠭᠡᠬᠦ ᠲᠣᠭᠲᠠᠴᠠ ᠶᠢ ᠪᠤᠢ ᠪᠤᠯᠭᠠᠪᠠ᠃ ᠭᠤᠷᠪᠠ ᠳᠤ᠂ ᠮᠠᠨ ᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠶᠢ ᠵᠢᠯᠤᠭᠤᠳᠤᠨ ᠭᠤᠷᠪᠠᠨ ᠱᠠᠲᠤᠨ ᠤ ᠡᠮᠨᠡᠯᠭᠡ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠬᠤ ᠰᠠᠭᠤᠷᠢᠨ ᠳᠡᠭᠡᠷ᠎ᠡ ᠥᠪᠡᠰᠦᠪᠡᠨ ᠬᠤᠳᠠᠯᠳᠤᠨ ᠠᠪᠬᠤ ᠶᠢ ᠦᠷᠨᠢᠭᠦᠯᠪᠡ᠃ ᠲᠦᠷᠪᠡ ᠳᠤ᠂ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠡᠮ ᠤᠨ ᠵᠦᠢᠯ ᠢ ᠲᠣᠬᠢᠷᠠᠭᠤᠯᠤᠨ ᠬᠡᠷᠡᠭᠯᠡᠬᠦ ᠶᠢ ᠬᠢᠨᠠᠨ ᠰᠢᠯᠭᠠᠬᠤ ᠡᠷᠴᠢᠮ ᠢ ᠨᠡᠮᠡᠭᠳᠡᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠡᠷᠭᠡ ᠳᠡᠰ ᠤᠨ ᠬᠢᠨᠠᠨ ᠰᠢᠯᠭᠠᠷᠠᠭᠤᠯᠤᠯᠲᠠ᠂ ᠠᠵᠢᠯ ᠤᠨ ᠪᠦᠲᠦᠮᠵᠢ ᠶᠢᠨ ᠬᠠᠮᠢᠶᠠᠷᠤᠯᠲᠠ᠂ ᠡᠳ᠋ ᠤᠨ ᠵᠠᠰᠠᠭ ᠤᠨ ᠨᠥᠬᠦᠪᠥᠷᠢ ᠲᠠᠢ ᠬᠤᠯᠪᠣᠵᠤ᠂ ᠬᠡᠷᠪᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠪᠠᠶᠢᠭᠤᠯᠤᠮᠵᠢ ᠵᠢᠴᠢ ᠲᠡᠭᠦᠨ ᠤ ᠬᠠᠷᠢᠭᠤᠴᠠᠯᠭᠠᠲᠠᠨ ᠢ ᠴᠢᠩᠭ᠎ᠠ ᠰᠢᠢᠳᠪᠦᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号