ᠥᠪᠥᠷ ᠮᠣᠩᠭᠤᠯ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠵᠢᠷᠭᠤᠭᠠᠨ ᠲᠠᠯ᠎ᠠ ᠪᠠᠷ ᠰᠠᠶᠢᠲᠤᠷ ᠠᠳᠬᠤᠬᠤ ᠪᠣᠯᠣᠨ᠎ᠠ
ᠨᠡᠶᠢᠲᠡᠯᠡᠭᠰᠡᠨ ᠴᠠᠭ᠄
2016/5/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠳᠣᠬᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠎ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠳᠤ ᠬᠠᠨᠳᠤᠭᠤᠯᠤᠨ᠂ ︽ᠠᠵᠢᠯ ᠣᠯᠭᠤᠯᠲᠠ ᠶᠢ ᠠᠬᠢᠭᠤᠯᠬᠤ︾ ᠪᠠ ︽ᠠᠳᠠᠯ ᠦᠢᠯᠡᠰ ᠴᠣᠭᠴᠠᠯᠠᠬᠤ ᠶᠢ ᠬᠥᠲᠥᠯᠬᠦ︾ ᠬᠤᠶᠠᠷ ᠵᠦᠢᠯ ᠤᠨ ᠲᠥᠯᠥᠪᠯᠡᠭᠡ ᠪᠠᠷ ᠭᠠᠷᠲᠠᠴᠠ ᠪᠣᠯᠭᠠᠵᠤ᠂ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠᠷ ᠭᠤᠣᠯ ᠪᠣᠯᠭᠠᠬᠤ ᠶᠢ ᠲᠦᠯᠬᠢᠨ ᠠᠬᠢᠭᠤᠯᠵᠤ᠂ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠬᠦ ᠪᠠᠷ ᠭᠤᠣᠯᠳᠠᠯᠭ᠎ᠠ ᠪᠣᠯᠭᠠᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠪᠠᠲᠤᠯᠠᠭ᠎ᠠ ᠪᠣᠯᠭᠠᠵᠤ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠦᠬᠦ ᠣᠷᠣᠨ ᠎ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠤᠨ᠎ᠠ᠃      ᠣᠶᠢᠯᠠᠭᠠᠭᠰᠠᠨ ᠢᠶᠠᠷ᠂ ᠡᠨᠡ ᠵᠢᠷᠭᠤᠭᠠᠨ ᠲᠠᠯ᠎ᠠ ᠶᠢᠨ ᠠᠵᠢᠯ ᠨᠢ ᠲᠤᠰ ᠲᠤᠰ᠄      ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ ᠨᠤᠭᠤᠳ ᠤᠨ ᠠᠵᠢᠯ ᠣᠯᠭᠤᠬᠤ ᠰᠠᠯᠠᠭ᠎ᠠ ᠮᠥᠴᠢᠷ ᠤᠳ ᠲᠦᠷᠦᠭᠦᠯᠡᠨ᠂ ᠰᠤᠷᠤᠭᠴᠢ ᠡᠯᠰᠡᠬᠦ᠂ ᠬᠢᠴᠢᠶᠡᠯ ᠬᠥᠮᠥᠵᠢᠯ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠤᠳ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠡᠭᠦᠰᠦᠭᠰᠡᠨ ᠰᠤᠷᠤᠭᠴᠢᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠲᠣᠭᠲᠠᠮᠠᠯ ᠬᠤᠭᠤᠴᠠᠭ᠎ᠠ ᠲᠠᠢ ᠰᠣᠳᠣᠯᠵᠤ᠂ ᠰᠤᠷᠭᠠᠭᠤᠯᠢ ᠡᠬᠢᠯᠡᠬᠦ ᠳᠤ ᠪᠠᠶᠢᠷᠢᠯᠠᠭᠤᠯᠤᠯᠲᠠ ᠲᠠᠢ᠂ ᠠᠵᠢᠯ ᠳᠠᠭᠠᠨ ᠬᠤᠪᠢᠶᠠᠷᠢᠯᠠᠯ ᠲᠠᠢ᠂ ᠶᠠᠪᠤᠴᠠ ᠳᠠᠭᠠᠨ ᠪᠠᠶᠢᠴᠠᠭᠠᠯᠲᠠ ᠲᠠᠢ᠂ ᠵᠢᠯ ᠤᠨ ᠡᠴᠦᠰ ᠲᠤ ᠳ᠋ᠦᠩᠨᠡᠯᠲᠡ ᠲᠠᠢ ᠪᠠᠶᠢᠬᠤ ᠶᠢ ᠪᠡᠶᠡᠯᠡᠭᠦᠯᠦᠨ᠎ᠡ᠃      ᠮᠠᠨ ᠤ ᠣᠷᠣᠨ ᠤ ᠳᠡᠭᠡᠳᠦ ᠰᠤᠷᠭᠠᠭᠤᠯᠢ ᠨᠤᠭᠤᠳ ᠤᠨ ᠤᠶᠤᠲᠠᠳ ᠤᠨ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠯ᠎ᠡ ᠳᠡᠭᠡᠳᠦ ᠰᠤᠷᠭᠠᠭᠤᠯᠢ ᠎ ᠨᠤᠭᠤᠳ ᠰᠢᠨ᠎ᠡ ᠶᠢ ᠡᠭᠦᠳᠬᠦ ᠪᠠᠷ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠨ᠎ᠠ᠃ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠠᠪᠴᠠᠩ ᠪᠠ ᠰᠠᠭᠤᠷᠢᠨ ᠭᠠᠵᠠᠷ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠳᠠᠳᠤᠯᠭ᠎ᠠ ᠶᠢᠨ ᠰᠠᠭᠤᠷᠢᠨ ᠭᠠᠵᠠᠷ ᠵᠡᠷᠭᠡ ᠦᠢᠯᠡᠳᠦᠯᠭᠡ ᠶᠢᠨ ᠲᠠᠪᠴᠠᠩ ᠤᠨ ᠴᠢᠳᠠᠪᠬᠢ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠤᠶᠤᠲᠠᠳ ᠤᠨ ᠠᠳᠠᠯ ᠦᠢᠯᠡᠰ ᠴᠣᠭᠴᠠᠯᠠᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃      ᠲᠡᠭᠦᠰᠦᠭᠰᠡᠨ ᠰᠤᠷᠤᠭᠴᠢᠳ ᠤᠨ ᠲᠤᠭ᠎ᠠ ᠪᠦᠷᠢᠳᠬᠡᠯ ᠤᠨ ᠠᠵᠢᠯ ᠤᠨ ᠤᠳᠤᠷᠢᠳᠤᠮᠵᠢ ᠶᠢᠨ ᠦᠢᠯᠡᠳᠦᠯ ᠢ ᠴᠢᠩᠭᠠᠷᠠᠭᠤᠯᠵᠤ᠂ ᠴᠢᠳᠠᠪᠤᠷᠢᠲᠠᠨ ᠤ ᠬᠥᠮᠦᠵᠢᠯ ᠬᠢᠭᠡᠳ ᠨᠡᠶᠢᠭᠡᠮ ᠤᠨ ᠬᠡᠷᠡᠭᠴᠡᠭᠡ ᠶᠢᠨ ᠨᠡᠶᠢᠯᠡᠯᠲᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠨᠠᠷᠢᠯᠢᠭ ᠣᠨᠣᠴᠢᠲᠠᠶ ᠪᠠᠷ ᠳᠡᠪᠰᠢᠭᠦᠯᠦᠨ ᠬᠦᠷᠭᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠠᠵᠢᠯ ᠣᠯᠭᠤᠬᠤ ᠠᠷᠭ᠎ᠠ ᠵᠠᠮ ᠢ ᠴᠢᠷᠮᠠᠶᠢᠨ ᠥᠷᠭᠡᠳᠬᠡᠵᠦ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠪᠠᠶᠢᠷᠢ ᠶᠢ ᠨᠡᠩ ᠠᠷᠪᠢᠨ ᠡᠭᠦᠳᠦᠨ ᠥᠭᠭᠦᠨ᠎ᠡ᠃      ᠠᠵᠢᠯ ᠣᠯᠭᠤᠬᠤ ᠲᠤᠰᠠᠯᠠᠮᠵᠢ ᠶᠢ ᠪᠦᠬᠦ ᠲᠠᠯ᠎ᠠ ᠪᠠᠷ ᠰᠠᠶᠢᠲᠤᠷ ᠠᠳᠬᠤᠵᠦ᠂ ᠠᠵᠢᠯ ᠣᠯᠭᠤᠬᠤ ᠳᠤ ᠬᠦᠴᠢᠷᠳᠡᠯᠲᠡᠶ ᠬᠥᠮᠥᠰ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠲᠤᠭ᠎ᠠ ᠶᠢᠨ ︽ᠬᠤᠣᠰ ᠳᠡᠭᠡᠭᠰᠢᠯᠡᠯᠲᠡ︾᠎ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号