ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠲᠡᠷᠢᠭᠦᠯᠡᠭᠴᠢ ᠶᠢᠨ ᠱᠠᠩᠨᠠᠯ ᠢ ᠬᠢᠨᠠᠨ ᠲᠣᠭᠲᠠᠭᠠᠬᠤ ᠺᠣᠮᠢᠰ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/5/6
     2016 ᠤᠨ ᠤ 5 ᠳ᠋ᠤᠭᠠᠷ ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠲᠡᠷᠢᠭᠦᠯᠡᠭᠴᠢ ᠶᠢᠨ ᠱᠠᠩᠨᠠᠯ ᠢ ᠬᠢᠨᠠᠨ ᠲᠣᠭᠲᠠᠭᠠᠬᠤ ᠺᠣᠮᠢᠰ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠸᠡᠭ ᠬᠤᠷᠠᠯ ᠢ ᠡᠷᠬᠢᠯᠡᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠺᠣᠮᠢᠰ ᠤᠨ 13 ᠭᠡᠰᠢᠭᠦᠨ ᠬᠤᠷᠠᠯ ᠳᠤ ᠤᠷᠤᠯᠴᠠᠪᠠ᠃      ᠬᠤᠷᠠᠯ ᠨᠢ 2015 ᠣᠨ ᠤ ᠶᠠᠰᠤ ᠴᠢᠨᠠᠷ ᠤᠨ ᠲᠡᠷᠢᠭᠦᠯᠡᠭᠴᠢ ᠶᠢᠨ ᠱᠠᠩᠨᠠᠯ ᠢ ᠬᠢᠨᠠᠨ ᠲᠤᠭᠲᠠᠭᠠᠭᠰᠠᠨ ᠪᠠᠶᠢᠳᠠᠯ ᠪᠤᠯᠤᠨ ᠱᠠᠩᠨᠠᠯ ᠤᠯᠭᠤᠬᠤ ᠠᠵᠤ ᠠᠬᠤᠶᠢᠯᠠᠯ ᠢ ᠲᠠᠨᠢᠯᠴᠠᠭᠤᠯᠤᠭᠰᠠᠨ ᠪᠠᠶᠢᠳᠠᠯ ᠢ ᠰᠤᠨᠤᠰᠪᠠ᠃ ᠬᠢᠨᠠᠨ ᠲᠣᠭᠲᠠᠭᠠᠬᠤ ᠺᠣᠮᠢᠰ ᠠᠴᠠ 2015 ᠣᠨ ᠤ ᠶᠠᠰᠤ ᠴᠢᠨᠠᠷ ᠤᠨ ᠲᠡᠷᠢᠭᠦᠯᠡᠭᠴᠢ ᠶᠢᠨ ᠱᠠᠩᠨᠠᠯ ᠢ ᠤᠯᠭᠤᠬᠤ ᠪᠠᠷ ᠲᠠᠨᠢᠯᠴᠠᠭᠤᠯᠤᠭᠰᠠᠨ ᠠᠵᠤ ᠠᠬᠤᠶᠢᠯᠠᠯ ᠢ ᠬᠢᠨᠠᠨ ᠶᠠᠷᠢᠯᠴᠠᠪᠠ᠃      ᠳᠡᠳ᠋ ᠲᠡᠷᠢᠭᠦᠯᠡᠭᠴᠢ ᠴᠠᠩ ᠵᠢᠶᠦ᠋ᠨ ᠵᠸᠡᠭ ᠶᠠᠰᠤ ᠴᠢᠨᠠᠷ ᠤᠨ ᠲᠡᠷᠢᠬᠦᠯᠡᠭᠴᠢ ᠶᠢᠨ ᠱᠠᠩᠨᠠᠯ ᠢ ᠬᠢᠨᠠᠨ ᠲᠣᠭᠲᠠᠭᠠᠬᠤ ᠺᠣᠮᠢᠰ ᠤᠨ ᠠᠯᠪᠠᠨ ᠭᠡᠷ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ  ᠲᠦᠷᠭᠡᠨ ᠰᠠᠶᠢᠲᠤᠷ ᠬᠢᠵᠦ᠂ ᠬᠢᠨᠠᠨ ᠲᠤᠭᠲᠠᠭᠠᠬᠤ ᠦᠷ᠎ᠡ ᠳ᠋ᠦᠩ ᠤᠨ ᠴᠢᠩᠭ᠎ᠠ ᠨᠢᠮᠪᠠᠶ᠂ ᠲᠥᠪ ᠭᠤᠣᠯᠴᠢ  ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠱᠠᠭᠠᠷᠳᠠᠪᠠ᠃ ᠳᠡᠳ᠋ ᠲᠡᠷᠢᠭᠦᠯᠡᠭᠴᠢ ᠴᠠᠩ ᠵᠢᠶᠦ᠋ᠨ ᠵᠸᠡᠭ ᠪᠠᠰᠠ ᠥᠪᠥᠷ ᠮᠣᠩᠭᠤᠯ ᠤᠨ ᠳᠦᠷᠦᠯ ᠳᠡᠮᠳᠡᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠱᠠᠭᠠᠷᠳᠠᠯᠭ᠎ᠠ ᠳᠤᠷᠠᠳᠪᠠ᠂ ᠲᠡᠷᠡ ᠴᠢᠬᠤᠯᠠᠴᠢᠯᠠᠭᠰᠠᠨ ᠨᠢ᠄ ᠨᠢᠭᠡ ᠳᠤ᠂ ᠥᠪᠥᠷ ᠮᠣᠩᠭᠤᠯ ᠤᠨ ᠲᠦᠷᠦᠯ ᠲᠡᠮᠳᠡᠭ ᠤᠨ ᠬᠥᠭᠵᠢᠯᠲᠡ ᠶᠢᠨ ᠳᠡᠭᠡᠪᠦᠷ ᠵᠢᠷᠤᠭ ᠲᠥᠯᠥᠪᠯᠡᠭᠡ ᠶᠢ ᠴᠢᠩᠭᠠᠳᠬᠠᠬᠤ ᠬᠡᠷᠡᠭᠲᠠᠢ᠃ ᠬᠤᠶᠠᠷ ᠲᠤ᠂ ᠥᠪᠥᠷ ᠮᠣᠩᠭᠤᠯ ᠤᠨ ᠲᠦᠷᠦᠯ ᠲᠡᠮᠳᠡᠭ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ᠃ ᠭᠤᠷᠪᠠ ᠳᠤ᠂ ᠲᠦᠷᠦᠯ ᠲᠡᠮᠳᠡᠭ ᠤᠨ ᠬᠥᠭᠵᠢᠯᠲᠡ ᠶᠢ ᠪᠤᠶᠢᠵᠢᠭᠤᠯᠬᠤ ᠠᠷᠭ᠎ᠠ ᠪᠠᠷᠢᠯ ᠢ ᠰᠢᠨᠡᠴᠢᠯᠡᠬᠦ ᠬᠡᠷᠡᠭᠲᠠᠢ᠃ ᠲᠦᠷᠪᠡ ᠳᠤ᠂ ᠥᠪᠥᠷ ᠮᠣᠩᠭᠤᠯ ᠤᠨ ᠲᠦᠷᠦᠯ ᠲᠡᠮᠳᠡᠭ ᠤᠨ ᠰᠣᠶᠣᠯ ᠤᠨ ᠠᠭᠤᠯᠬᠤᠨ ᠢ ᠳᠡᠭᠡᠭᠰᠢᠯᠡᠭᠦᠯᠬᠦ ᠬᠡᠷᠡᠭᠲᠡᠶ ᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号