ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠤᠯᠠᠭᠠᠨᠬᠠᠳᠠ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2016/5/6
      5 ᠳ᠋ᠤᠭᠠᠷ ᠰᠠᠷ᠎ᠠ ᠶᠢᠨ 3 — 4᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠬᠠᠮᠢᠶ᠎ᠠ ᠪᠦᠬᠦᠢ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠳ ᠢ ᠳᠠᠭᠠᠭᠤᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠤᠯᠠᠭᠠᠨᠬᠠᠳᠠ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠶᠠᠷᠢᠯᠴᠠᠬᠤ ᠬᠤᠷᠠᠯ ᠬᠢᠪᠡ᠃      ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠳᠤ᠂ ᠸᠠᠩ ᠪᠥᠸᠧ ᠵᠡᠷᠭᠡ ᠬᠥᠮᠦᠰ ︽ᠠᠷᠪᠠ ᠶᠢ ᠪᠦᠷᠬᠦᠭᠦᠯᠬᠦ︾ ᠵᠢᠴᠢ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠪᠠᠷᠢᠯᠭ᠎ᠠ᠂ ᠣᠪᠣᠭᠠᠨ ᠠᠭᠤᠯᠠ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠣᠭᠤᠷᠢᠭ᠂ ᠢᠤᠢ ᠯᠦᠩ ᠡᠯᠡᠰᠦᠨ ᠪᠦᠷᠢᠳᠦ ᠶᠢᠨ ᠵᠢᠭᠤᠯᠴᠢᠯᠠᠯ ᠤᠨ ᠲᠦᠷᠦᠯ ᠵᠦᠢᠯ᠂ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠤᠨ 36 ᠲᠦᠮᠡᠨ ᠲᠣᠨ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠲᠥᠷᠥᠯ ᠵᠦᠢᠯ᠂ ᠮᠦ ᠾᠧ ᠤᠰᠤ ᠠᠷᠪᠢᠯᠠᠬᠤ ᠲᠥᠬᠦᠭᠡᠷᠦᠮᠵᠢ ᠶᠢᠨ ᠰᠣᠳᠤᠯᠭᠠᠨ ᠤ ᠲᠥᠷᠥᠯ ᠵᠦᠢᠯ᠂ ᠯᠢᠩ ᡁᠢ ᠹᠮᠦ ᠹᠦ᠋ ᠷᠦᠢ 7 ᠲᠦᠮᠡᠨ ᠲᠣᠨ ᠤ ᠲᠥᠮᠦᠰᠦ ᠶᠢ ᠲᠦᠷᠭᠡᠨ ᠬᠥᠯᠳᠡᠭᠡᠨ ᠪᠣᠯᠪᠠᠰᠤᠷᠠᠭᠤᠯᠬᠤ ᠲᠦᠷᠦᠯ ᠵᠦᠢᠯ᠂ ᠪᠣᠷᠣᠬᠤᠲᠠ ᠪᠠᠯᠭᠠᠰᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ ᠤᠷᠢᠳ ᠬᠤᠵᠢᠳ ᠪᠠᠶᠢᠴᠠᠭᠠᠨ ᠦᠵᠡᠭᠰᠡᠨ ᠪᠦᠭᠡᠳ ᠪᠣᠷᠣᠬᠤᠲᠠ ᠪᠠᠯᠭᠠᠰᠤ ᠶᠢᠨ ᠰᠢᠩ ᠯᠦᠩ ᠳ᠋ᠢ ᠲᠤᠰᠬᠤᠨ ᠤ ᠶᠠᠳᠠᠭᠤ ᠬᠦᠴᠢᠷᠲᠡᠶ ᠡᠷᠤᠭᠡ ᠪᠠ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠭᠰᠠᠨ ᠡᠷᠦᠬᠡ ᠪᠠᠷ ᠰᠤᠷᠪᠤᠯᠵᠢᠯᠠᠨ ᠲᠣᠬᠤᠨᠢᠭᠤᠯᠪᠠ᠃      ᠶᠠᠷᠢᠯᠴᠠᠬᠤ ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠬᠢᠨ ᠤ ᠬᠢᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠪᠥᠸᠧ ᠵᠢᠭᠠᠵᠤ ᠭᠠᠷᠭᠠᠭᠰᠠᠨ ᠨᠢ᠂ ᠲᠥᠪ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠴᠢᠬᠤᠯᠠ ᠶᠡᠭᠡ ᠠᠵᠠ ᠲᠣᠬᠢᠶᠠᠯ ᠢ ᠠᠳᠬᠤᠵᠤ᠂ ᠠᠵᠤ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠦᠯᠡᠭᠦᠦ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ ᠶᠢ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠬᠦ ᠨᠢᠭᠡᠨ ᠤᠳᠠᠭᠠᠨ ᠤ ᠴᠢᠬᠤᠯᠠ ᠶᠡᠭᠡ ᠲᠣᠬᠢᠶᠠᠯ ᠭᠡᠮᠡᠨ ᠦᠵᠡᠵᠦ᠂ ᠴᠢᠬᠤᠯᠠ ᠶᠡᠭᠡ ᠠᠵᠤ ᠦᠢᠯᠡᠰ ᠤᠨ ᠰᠢᠯᠵᠢᠯᠲᠡ ᠶᠢᠨ ᠲᠣᠬᠢᠶᠠᠯ ᠢ ᠠᠳᠬᠤᠨ᠂ ᠲᠡᠷᠢᠭᠦᠨ ᠤ ᠦᠢᠯᠡᠳᠪᠦᠷᠢᠯᠡᠯ ᠤᠨ ᠬᠦᠴᠦᠨ ᠲᠠᠢ ᠠᠵᠤ ᠠᠬᠤᠶᠢᠯᠠᠯ ᠢ ᠲᠠᠲᠠᠨ ᠣᠷᠤᠭᠤᠯᠬᠤ ᠬᠡᠷᠡᠭᠲᠡᠢ᠃ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠬᠤᠯᠠ ᠠᠵᠠ ᠳᠣᠬᠢᠶᠠᠯ ᠢ ᠠᠳᠬᠤᠵᠤ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯ ᠠᠷᠠᠳ ᠤᠯᠠᠨ ᠪᠠ ᠬᠤᠶᠢᠴᠢ ᠦᠶ᠎ᠡ ᠳᠤ ᠠᠰᠢᠭ ᠬᠦᠷᠲᠡᠭᠡᠬᠦ ᠢᠨᠵᠧᠨᠧᠷᠢᠩ ᠮᠦᠨ᠂ ᠴᠢᠷᠮᠠᠶᠢᠨ ᠠᠬᠢᠭᠤᠯᠵᠤ᠂ ᠪᠡᠯᠡ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠪᠡᠯᠡ ᠲᠣᠬᠢᠷᠠᠭᠤᠯᠬᠤ ᠬᠡᠯᠪᠡᠷᠢ ᠪᠠᠨ ᠰᠢᠨᠡᠴᠢᠯᠡᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠮᠢ ᠠᠬᠤᠶ ᠶᠢᠨ ᠪᠦᠳᠤᠭᠡᠨ ᠪᠠᠶᠢᠭᠤᠯᠤᠯᠲᠠ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠪᠠ ᠭᠡᠷ ᠭᠠᠵᠠᠷ ᠬᠦᠷᠦᠩᠭᠡ ᠶᠢᠨ ᠬᠠᠳᠠᠭᠠᠯᠠᠮᠵᠢ ᠶᠢ ᠦᠭᠡᠶᠢᠰᠬᠡᠬᠦ ᠠᠵᠠ ᠳᠣᠬᠢᠶᠠᠯ ᠢ ᠠᠳᠬᠤᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠬᠤᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠯᠠᠨ ᠨᠡᠶᠢᠲᠡ ᠶᠢᠨ ᠣᠷᠣᠨ ᠵᠠᠶ᠂ ᠤᠯᠠᠨ ᠨᠡᠶᠢᠳᠡ ᠶᠢᠨ ᠨᠣᠭᠤᠭᠠᠨ ᠬᠥᠷᠥᠰᠥ ᠶᠢ ᠢᠯᠡᠭᠦᠦ ᠦᠯᠡᠳᠡᠭᠡᠬᠦ ᠶᠢᠨ ᠬᠠᠮᠲᠤ ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠨᠳᠦᠳᠬᠡᠨ ᠦᠵᠡᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号