ᠹᠦ᠋ ᠲᠠᠢ ᠽᠧᠩ ᠴᠢᠬᠤᠯᠠᠴᠢᠯᠠᠭᠰᠠᠨ ᠨᠢ᠄ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦ ᠪᠠᠷ ᠢᠶᠠᠨ ᠰᠠᠶᠢᠳᠤᠷ ᠠᠳᠬᠤᠵᠥ  ᠠᠵᠥ ᠠᠬᠤᠢ ᠨᠡᠶᠢᠭᠡᠮ ᠤᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2016/5/6
     5 ᠳ᠋ᠤᠭᠠᠷ ᠰᠠᠷ᠎ᠠ ᠶᠢᠨ 4᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠹᠦ᠋ ᠲᠠᠢ ᠽᠧᠩ ᠬᠦᠬᠡᠬᠤᠳᠠ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠠᠶᠢᠴᠠᠭᠠᠬᠤ ᠳᠠᠭᠠᠨ ᠴᠢᠬᠤᠯᠠᠴᠢᠯᠠᠭᠰᠠᠠ ᠨᠢ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠲᠤᠭᠳᠠᠭᠤᠨ ᠢᠶᠠᠷ ᠨᠡᠮᠡᠭᠳᠡᠬᠦᠯᠬᠦ ᠲᠤᠬᠠᠢ ᠵᠡᠷᠭᠡ ᠠᠯᠢ ᠤᠯᠠᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦ ᠪᠠᠷ ᠢᠶᠠᠨ ᠰᠠᠶᠢᠳᠤᠷ ᠠᠳᠬᠤᠵᠥ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠡᠬᠢᠯᠡᠯᠳᠡ ᠶᠢᠨ ᠣᠨ ᠤ ᠠᠵᠥ ᠠᠬᠤᠢ ᠨᠡᠶᠢᠭᠡᠮ ᠤᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠬᠡᠪᠡ᠃      ᠹᠦ᠋ ᠲᠠᠢ ᠽᠧᠩ ᠡᠩ ᠲᠡᠷᠢᠬᠦᠨ ᠳᠤ ᠬᠦᠬᠡᠬᠤᠳᠠ ᠶᠢᠨ ᠭᠠᠵᠠᠷ ᠲᠤᠤᠷᠠᠬᠢ ᠲᠡᠮᠤᠷ ᠵᠠᠮ ᠤᠨ ᠨᠢᠬᠡᠳᠤᠭᠡᠷ ᠱᠤᠭᠤᠮ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠲᠦᠷᠦᠯ ᠵᠦᠢᠯ ᠤᠨ ᠲᠦᠯᠥᠪᠵᠢᠬᠦᠯᠬᠡ ᠵᠢᠷᠤᠭ ᠲᠦᠯᠥᠪᠯᠡᠭᠡ᠂ ᠪᠠᠷᠢᠯᠭ᠎ᠠ ᠶᠢᠨ ᠠᠵᠢᠯ ᠤᠨ ᠠᠬᠢᠴᠠ ᠵᠡᠷᠬᠡ ᠲᠠᠯ᠎ᠠ ᠶᠢᠨ ᠪᠠᠶᠢᠳᠠᠯ ᠢ ᠨᠠᠷᠢᠨ ᠤᠢᠢᠯᠠᠭᠠᠪᠠ᠃ ᠲᠡᠷᠡ᠂ ᠭᠠᠵᠠᠷ ᠲᠤᠤᠷᠠᠬᠢ ᠲᠡᠮᠤᠷ ᠵᠠᠮ ᠪᠤᠯ ᠤᠯᠠᠨ ᠨᠡᠶᠢᠳᠡ ᠶᠢᠨ ᠵᠠᠮ ᠬᠠᠷᠢᠯᠴᠠᠭ᠎ᠠ ᠵᠦᠬᠡᠬᠡᠪᠤᠷᠢ ᠶᠢᠨ ᠰᠠᠶᠢᠨ ᠪᠠᠭᠠᠵᠢ ᠶᠤᠮ᠂ ᠬᠦᠬᠡᠬᠤᠳᠠ ᠶᠢᠨ ᠭᠠᠵᠠᠷ ᠲᠤᠤᠷᠠᠬᠢ ᠵᠢᠮᠳᠤ ᠵᠠᠮ ᠬᠠᠷᠢᠯᠴᠠᠭ᠎ᠠ ᠶᠢ ᠪᠦᠳᠦᠭᠡᠨ ᠪᠠᠶᠢᠭᠤᠯᠬᠤ ᠨᠢ ᠬᠤᠳᠠ ᠶᠢᠨ ᠴᠢᠳᠡᠪᠬᠢ ᠶᠢ ᠪᠦᠷᠢᠨᠰᠢᠬᠦᠯᠬᠦ᠂ ᠶᠠᠪᠤᠵᠥ ᠰᠠᠭᠤᠬᠤ ᠳᠤ ᠲᠦᠬᠦᠮ ᠦᠵᠡᠬᠦᠯᠬᠦ ᠲᠦᠪᠰᠢᠨ ᠢ ᠲᠡᠭᠡᠭᠰᠢᠯᠡᠬᠦᠯᠬᠦ᠂ ᠭᠠᠵᠠᠷ ᠲᠡᠭᠡᠷᠡᠬᠢ ᠵᠠᠮ ᠬᠠᠷᠢᠯᠴᠠᠭᠠᠨ ᠤ ᠲᠠᠷᠤᠯᠳᠠ ᠶᠢ ᠨᠠᠮᠳᠠᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠂ ᠵᠠᠪᠠᠯ ᠦᠨᠳᠤᠷ ᠪᠠᠷᠢᠮᠵᠢᠶ᠎ᠠ ᠪᠠᠷ ᠴᠢᠨᠠᠷ ᠰᠠᠶᠢᠳᠠᠢ ᠪᠦᠳᠦᠭᠡᠨ ᠪᠠᠶᠢᠭᠤᠯᠵᠥ᠂ ᠠᠷᠠᠳ ᠤᠯᠠᠨ ᠳᠤ ᠲᠠᠭᠠᠰᠢᠶᠠᠬᠳᠠᠭᠰᠠᠠ ᠢᠨᠵᠧᠨᠧᠷᠢᠩ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ᠃ ᠤᠳᠤ ᠪᠤᠯ ᠶᠠᠭ ᠪᠠᠷᠢᠯᠭ᠎ᠠ ᠶᠢᠨ ᠠᠵᠢᠯ ᠢ ᠬᠢᠬᠦ ᠬᠠᠮᠤᠭ ᠤᠨ ᠰᠠᠶᠢᠨ ᠬᠤᠭᠤᠴᠠᠭ᠎ᠠ ᠪᠤᠯᠤᠨ᠎ᠠ᠂ ᠡᠯ᠎ᠡ ᠭᠠᠵᠠᠷ ᠤᠨ ᠬᠢᠨ ᠦᠪᠡᠷᠳᠡᠭᠡᠨ ᠵᠠᠰᠠᠬᠤ ᠤᠷᠤᠨ ᠤ ᠭᠤᠷᠪᠠᠨ ᠵᠢᠯ ᠳᠠᠬᠢ ᠭᠤᠷᠪᠠᠨ ᠱᠠᠳᠤᠨ ᠤ ᠭᠤᠤᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦ ᠪᠠᠷ ᠢᠶᠠᠨ ᠠᠬᠢᠭᠤᠯᠵᠥ᠂ ᠬᠠᠷᠢᠯᠴᠠᠨ ᠨᠡᠮᠡᠭᠳᠡᠬᠦᠯᠬᠦ ᠵᠠᠭᠪᠤᠷ ᠢᠶᠠᠷ ᠲᠤᠭᠳᠠᠭᠤᠨ ᠢᠶᠠᠷ ᠨᠡᠮᠡᠭᠳᠡᠬᠦᠯᠬᠦ᠂ ᠪᠦᠳᠦᠴᠡ ᠶᠢ ᠲᠤᠬᠢᠷᠠᠭᠤᠯᠬᠤ᠂ ᠲᠤᠳᠠᠭᠤᠳᠠᠯ ᠢᠶᠠᠨ ᠨᠦᠬᠦᠪᠦᠷᠢᠯᠡᠬᠦ ᠶᠢ ᠠᠬᠢᠭᠤᠯᠬᠤ ᠬᠡᠷᠡᠭᠳᠡᠢ ᠬᠡᠵᠥ ᠬᠡᠯᠡᠪᠡ᠃      ᠦᠪᠤᠷ ᠮᠤᠩᠭᠤᠯ ᠤᠨ ᠴᠦᠭᠡᠨ ᠲᠤᠭᠠᠳᠤ ᠦᠨᠳᠦᠰᠦᠳᠡᠨ ᠤ ᠤᠯᠠᠮ ᠲᠦᠮᠡᠨᠴᠢ ᠪᠡᠶ᠎ᠡ ᠶᠢᠨ ᠲᠠᠮᠢᠷ ᠤᠨ ᠬᠦᠳᠡᠯᠬᠡᠬᠡᠨ ᠤ ᠲᠦᠪ ᠤᠨ ᠪᠠᠷᠢᠯᠭ᠎ᠠ ᠶᠢᠨ ᠭᠠᠵᠠᠷ ᠲᠤ᠂ ᠹᠦ᠋ ᠲᠠᠢ ᠽᠧᠩ᠂ ᠢᠷᠡᠬᠦ ᠵᠢᠯ ᠪᠤᠯ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠠ 70 ᠵᠢᠯ ᠤᠨ ᠤᠢ ᠪᠤᠯᠤᠨ᠎ᠠ᠂ ᠭᠤᠤᠯᠳᠠᠯᠭ᠎ᠠ ᠲᠠᠢ ᠪᠡᠯᠬᠡᠯᠡᠬᠦ ᠪᠠᠷᠢᠯᠭ᠎ᠠ ᠶᠢ ᠰᠠᠶᠢᠳᠤᠷ ᠪᠦᠳᠦᠭᠡᠨ ᠪᠠᠶᠢᠭᠤᠯᠬᠤ ᠪᠤᠯ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠮᠥᠨ᠃ ᠡᠯ᠎ᠡ ᠭᠠᠵᠠᠷ ᠤᠨ ᠬᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠥ᠂ ᠪᠠᠷᠢᠯᠭ᠎ᠠ ᠶᠢᠨ ᠬᠤᠭᠤᠴᠠᠭ᠎ᠠ ᠶᠢ ᠪᠠᠳᠤᠯᠠᠵᠥ᠂ ᠠᠬᠢᠭᠤᠯᠬᠤ ᠡᠷᠴᠢᠮ ᠢᠶᠠᠨ ᠦᠨᠡᠨᠬᠦ ᠴᠢᠩᠭᠠᠷᠠᠭᠤᠯᠵᠥ᠂ ᠲᠤᠭᠳᠠᠭᠰᠠᠠ ᠬᠤᠭᠤᠴᠠᠭᠠᠨ ᠳᠤ ᠠᠰᠢᠬᠯᠠᠯᠳᠡ ᠳᠤ ᠤᠷᠤᠭᠤᠯᠬᠤ ᠢᠢᠦᠨᠡᠨᠬᠦ ᠪᠠᠳᠤᠯᠠᠬᠤ ᠬᠡᠷᠡᠭᠳᠡᠢ ᠬᠡᠵᠥ ᠬᠡᠯᠡᠪᠡ᠃      ᠬᠦᠬᠡᠬᠤᠳᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠭᠠᠵᠠᠷ ᠲᠤ᠂ ᠹᠦ᠋ ᠲᠠᠢ ᠽᠧᠩ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠯᠠᠪᠯᠠᠨ ᠠᠰᠠᠭᠤᠪᠡ᠂ ᠲᠡᠷᠡ ᠬᠡᠯᠡᠭᠰᠡᠨ ᠨᠢ᠂ ᠲᠦᠷᠦᠯ ᠵᠦᠢᠯ ᠤᠨ ᠰᠤᠳᠤᠯᠭᠠᠨ᠂ ᠵᠢᠷᠤᠭ ᠲᠦᠯᠥᠪᠯᠡᠭᠡ᠂ ᠬᠢᠨᠠᠨ ᠵᠦᠪᠰᠢᠶᠡᠷᠡᠬᠦ ᠵᠡᠷᠬᠡ ᠠᠵᠢᠯ ᠤᠨ ᠠᠬᠢᠴᠠ ᠶᠢ ᠤᠯᠠᠮ ᠴᠢᠨᠠᠭᠰᠢᠳᠠ ᠲᠦᠷᠬᠡᠳᠭᠡᠵᠥ᠂ ᠲᠤᠤᠷ᠎ᠠ ᠬᠠᠭᠠᠰ ᠵᠢᠯ ᠪᠠᠷᠢᠯᠭ᠎ᠠ ᠶᠢᠨ ᠠᠵᠢᠯ ᠢ ᠡᠬᠢᠯᠡᠬᠦᠯᠬᠦ ᠪᠠᠷ ᠴᠢᠷᠮᠠᠶᠢᠬᠤ ᠬᠡᠷᠡᠭᠳᠡᠢ᠃ ᠤᠳᠤᠬᠠᠨ ᠳᠤ ᠵᠠᠮ᠂ ᠭᠠᠵᠠᠷ ᠲᠤᠤᠷᠠᠬᠢ ᠬᠤᠭᠤᠯᠠᠢ ᠶᠢᠨ ᠲᠤᠤᠷ᠂ ᠴᠠᠬᠢᠯᠭᠠᠨ ᠬᠦᠴᠦᠨ ᠵᠡᠷᠬᠡ ᠢᠵᠢ ᠪᠦᠷᠢᠳᠦᠬᠦᠯᠬᠦ ᠲᠠᠭᠠᠯᠳᠠ ᠪᠡᠯᠡᠳᠬᠡᠮᠵᠢ ᠶᠢ ᠲᠦᠯᠥᠪᠵᠢᠬᠦᠯᠵᠥ ᠪᠦᠳᠦᠭᠡᠨ ᠪᠠᠶᠢᠭᠤᠯᠬᠤ ᠠᠵᠢᠯ ᠢ ᠲᠦᠷᠭᠡᠭᠡᠨ ᠡᠬᠢᠯᠡᠬᠦᠯᠵᠥ᠂ ᠢᠵᠢᠯ ᠠᠯᠬᠤᠮ ᠢᠶᠠᠷ ᠪᠦᠳᠦᠭᠡᠨ ᠪᠠᠶᠢᠭᠤᠯᠵᠥ ᠡᠵᠡᠩᠨᠡᠬᠦ ᠶᠢ ᠪᠠᠳᠤᠯᠠᠬᠤ ᠬᠡᠷᠡᠭᠳᠡᠢ ᠬᠡᠪᠡ᠃      ᠬᠦᠬᠡᠬᠤᠳᠠ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠪᠡᠷ᠎ᠡ ᠪᠤᠯᠵᠥ ᠪᠠᠶᠢᠴᠠᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号